蒙古文网站Logo
ᠰᠢᠨᠬᠤᠸᠠ ᠮᠤᠩᠭ᠋ᠤᠯ ᠨᠧᠲ

《ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠦᠯᠦ ᠬᠦᠳᠡᠯᠬᠦ ᠬᠦᠷᠦᠩᠭᠡ ᠶᠢ ᠪᠦᠷᠢᠳᠭᠡᠭᠦᠯᠵᠤ ᠬᠡᠷᠡᠭᠵᠢᠭᠦᠯᠬᠦ ᠠᠷᠭ᠎ᠠ》 ᠶᠢ 2 ᠰᠠᠷ᠎ᠠ ᠶᠢᠨ 12 ᠤᠨ ᠡᠳᠦᠷ ᠡᠴᠡ ᠡᠬᠢᠯᠡᠨ ᠬᠡᠷᠡᠭᠵᠢᠭᠦᠯᠦᠨ᠎ᠠ

2017-02-11 13:15

    《ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠦᠯᠦ ᠬᠦᠳᠡᠯᠬᠦ ᠬᠦᠷᠦᠩᠭᠡ ᠶᠢ ᠪᠦᠷᠢᠳᠭᠡᠭᠦᠯᠵᠤ ᠬᠡᠷᠡᠭᠵᠢᠭᠦᠯᠬᠦ ᠠᠷᠭ᠎ᠠ》(ᠴᠢᠨᠠᠭᠰᠢᠲᠠ 〈ᠠᠷᠭ᠎ᠠ〉ᠭᠡᠵᠤ ᠳᠦᠭᠦᠮᠴᠢᠯᠠᠨ᠎ᠠ) 2 ᠰᠠᠷ᠎ᠠ ᠶᠢᠨ 12 ᠤᠨ ᠡᠳᠦᠷ ᠡᠴᠡ ᠡᠬᠢᠯᠡᠨ ᠬᠡᠷᠡᠭᠵᠢᠭᠦᠯᠦᠨ᠎ᠠ᠃

    《ᠠᠷᠭ᠎ᠠ》 ᠳᠤ ᠬᠠᠤᠯᠢ ᠲᠤᠭᠲᠠᠭᠠᠬᠤ ᠵᠤᠷᠢᠯᠭ᠎ᠠ᠂ ᠪᠦᠷᠢᠳᠭᠡᠭᠦᠯᠬᠦ ᠬᠡᠪᠴᠢᠶ᠎ᠠ᠂ ᠦᠯᠦ ᠬᠦᠳᠡᠯᠬᠦ ᠬᠦᠷᠦᠩᠭᠡ ᠪᠦᠷᠢᠳᠭᠡᠭᠦᠯᠬᠦ ᠪᠤᠯᠤᠨ ᠦᠯᠦ ᠬᠦᠳᠡᠯᠬᠦ ᠬᠦᠷᠦᠩᠭᠡ ᠶᠢᠨ ᠠᠭᠤᠯᠤᠭᠳᠠᠭᠤᠨ᠂ ᠦᠯᠦ ᠬᠦᠳᠡᠯᠬᠦ ᠬᠦᠷᠦᠩᠭᠡ ᠶᠢ ᠪᠦᠷᠢᠳᠭᠡᠭᠦᠯᠬᠦ ᠡᠷᠬᠡ ᠶᠢᠨ ᠲᠦᠷᠦᠯ ᠵᠦᠢᠯ᠂ ᠦᠯᠦ ᠬᠦᠳᠡᠯᠬᠦ ᠬᠦᠷᠦᠩᠭᠡ ᠪᠦᠷᠢᠳᠭᠡᠭᠦᠯᠬᠦ ᠪᠠᠶᠢᠭᠤᠯᠤᠮᠵᠢ ᠵᠢᠴᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯᠲᠠ᠂ ᠦᠯᠦ ᠬᠦᠳᠡᠯᠬᠦ ᠬᠦᠷᠦᠩᠭᠡ ᠪᠦᠷᠢᠳᠭᠡᠭᠦᠯᠬᠦ ᠮᠠᠲ᠋ᠧᠷᠢᠶᠠᠯ ᠢᠶᠡᠨ ᠰᠢᠯᠵᠢᠬᠦᠯᠦᠨ ᠦᠭ᠍ᠬᠦ ᠵᠡᠷᠭᠡ ᠲᠠᠯ᠎ᠠ ᠶᠢᠨ ᠠᠭᠤᠯᠭ᠎ᠠ ᠶᠢ  ᠲᠤᠳᠤᠷᠬᠠᠢ ᠲᠤᠭᠲᠠᠭᠠᠵᠠᠢ᠃ ᠦᠯᠦ ᠬᠦᠳᠡᠯᠬᠦ ᠬᠦᠷᠦᠩᠭᠡ ᠪᠦᠷᠢᠳᠭᠡᠭᠦᠯᠬᠦ ᠦᠨᠳᠦᠰᠦᠨ ᠱᠠᠭᠠᠷᠳᠠᠯᠭ᠎ᠠ ᠪᠤᠯᠤᠨ ᠬᠡᠷᠡᠭᠰᠡᠬᠦ ᠮᠠᠲ᠋ᠧᠷᠢᠶᠠᠯ᠂ ᠡᠯ᠎ᠠ ᠳᠠᠰ᠂ ᠡᠯ᠎ᠠ ᠰᠠᠯᠠᠭ᠎ᠠ ᠮᠦᠴᠢᠷ ᠤᠨ ᠦᠯᠦ ᠬᠦᠳᠡᠯᠬᠦ ᠬᠦᠷᠦᠩᠭᠡ ᠪᠦᠷᠢᠳᠭᠡᠭᠦᠯᠬᠦ ᠰᠤᠷᠠᠭ ᠵᠠᠩᠭᠢ ᠶᠢᠨ ᠬᠤᠪᠢᠶᠠᠯᠴᠠᠬᠤ ᠠᠷᠭ᠎ᠠ ᠪᠤᠯᠤᠨ ᠠᠭᠤᠯᠭ᠎ᠠ ᠶᠢ ᠲᠤᠳᠤᠷᠬᠠᠶᠢᠯᠠᠬᠤ ᠶᠢᠨ ᠬᠠᠮᠲᠤ ᠦᠯᠦ ᠬᠦᠳᠡᠯᠬᠦ ᠬᠦᠷᠦᠩᠭᠡ ᠪᠦᠷᠢᠳᠭᠡᠭᠦᠯᠬᠦ ᠰᠤᠷᠠᠭ ᠵᠠᠩᠭᠢ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠦᠯᠦ ᠬᠦᠳᠡᠯᠬᠦ ᠬᠦᠷᠦᠩᠭᠡ ᠪᠦᠷᠢᠳᠭᠡᠭᠦᠯᠬᠦ ᠮᠠᠲ᠋ᠧᠷᠢᠶᠠᠯ ᠢᠶᠡᠨ ᠯᠠᠪᠯᠠᠬᠤ᠂ ᠯᠠᠪᠯᠠᠵᠤ ᠲᠠᠶᠢᠯᠬᠦ ᠦᠭᠡᠢ ᠪᠠᠶᠢᠳᠠᠯ ᠪᠤᠯᠤᠨ ᠯᠠᠪᠯᠠᠬᠤ ᠴᠠᠭ ᠤᠨ ᠬᠢᠵᠠᠭᠠᠷ᠂ ᠦᠯᠦ ᠬᠦᠳᠡᠯᠬᠦ ᠬᠦᠷᠦᠩᠭᠡ ᠪᠦᠷᠢᠳᠭᠡᠭᠦᠯᠬᠦ ᠮᠠᠲ᠋ᠧᠷᠢᠶᠠᠯ ᠢ ᠠᠰᠢᠭᠯᠠᠬᠤ ᠵᠠᠷᠴᠢᠮ ᠪᠤᠯᠤᠨ ᠬᠠᠮᠢᠶᠠᠷᠤᠯᠲᠠ ᠬᠠᠮᠠᠭᠠᠯᠠᠯᠲᠠ᠂ ᠬᠦᠢᠴᠡᠳᠭᠡᠬᠦ᠂ ᠪᠤᠰᠤᠳ ᠪᠦᠷᠢᠳᠭᠡᠯ ᠳᠤ ᠬᠡᠷᠡᠭᠰᠡᠬᠦ ᠮᠠᠲ᠋ᠧᠷᠢᠶᠠᠯ ᠬᠠᠮᠢᠶ᠎ᠠ ᠪᠦᠬᠦᠢ ᠠᠰᠠᠭᠤᠳᠯ ᠢ ᠪᠦᠷᠢᠳᠭᠡᠯ ᠡᠴᠡ ᠬᠠᠰᠤᠬᠤ ᠵᠢᠴᠢ ᠦᠯᠦ ᠬᠦᠳᠡᠯᠬᠦ ᠬᠦᠷᠦᠩᠭᠡ ᠪᠦᠷᠢᠳᠭᠡᠭᠦᠯᠬᠦ ᠪᠠᠶᠢᠭᠤᠯᠤᠮᠵᠢ᠂ ᠠᠵᠢᠯᠲᠠᠨ᠂ ᠬᠤᠯᠪᠤᠭᠳᠠᠬᠤ ᠬᠦᠮᠦᠨ ᠤ ᠬᠠᠤᠯᠢ ᠡᠴᠡ ᠵᠦᠷᠢᠴᠡᠭᠰᠡᠨ ᠠᠵᠢᠯᠯᠠᠭ᠎ᠠ ᠪᠤᠯᠤᠨ ᠬᠠᠮᠢᠶ᠎ᠠ ᠪᠦᠬᠦᠢ ᠬᠠᠤᠯᠢ ᠶᠢᠨ ᠬᠠᠷᠢᠭᠤᠴᠠᠯᠭ᠎ᠠ ᠶᠢ ᠲᠤᠭᠲᠠᠭᠠᠵᠠᠢ᠃ (ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠰᠦᠯᠵᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
  • ᠲᠡᠭᠡᠳᠦ ᠮᠤᠩᠭ᠋ᠤᠯ ᠤᠨ ᠤᠲᠤᠳ ᠤᠨ ᠤᠯᠠᠭᠠᠭᠴᠢᠨ ᠲᠠᠬᠢᠶ᠎ᠠ ᠵᠢᠯ ᠤᠨ ᠰᠠᠷ᠎ᠠ ᠰᠢᠨ᠎ᠡ ᠶᠢᠨ ᠲᠠᠭᠤᠤ ᠬᠦᠭ᠍ᠵᠢᠮ ᠤᠨ ᠴᠢᠭᠤᠯᠭᠠᠨ ( ᠨᠢᠭᠡ )
  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
关闭
010070230030000000000000011120691120448957