蒙古文网站Logo
ᠰᠢᠨᠬᠤᠸᠠ ᠮᠤᠩᠭ᠋ᠤᠯ ᠨᠧᠲ

ᠮᠠᠨ ᠤ ᠤᠯᠤᠰ ᠲᠠᠷᠢᠶᠠᠨ ᠭᠠᠵᠠᠷ ᠢ ᠦᠩᠰᠢᠭᠦᠯᠬᠦ ᠪᠠ ᠦᠨᠳᠦᠷ ᠪᠠᠷᠢᠮᠵᠢᠶᠠᠳᠦ ᠲᠠᠷᠢᠶᠠᠨ ᠭᠠᠵᠠᠷ ᠤᠨ ᠪᠠᠶᠢᠭᠤᠯᠤᠯᠳᠠ ᠶ᠋ᠢ ᠬᠦᠴᠦᠳᠡᠢ ᠠᠬᠢᠭᠤᠯᠵᠦ ᠂ ᠬᠦᠳᠡᠭᠡ ᠠᠵᠦ ᠠᠬᠤᠢ ᠶ᠋ᠢᠨ ᠤᠳᠤᠬᠢᠴᠢᠯᠠᠬᠤ ᠰᠠᠭᠤᠷᠢ ᠶ᠋ᠢ ᠪᠡᠬᠢᠵᠢᠭᠦᠯᠬᠦ ᠪᠠᠷ ᠪᠠᠶᠢᠨ᠎ᠠ

2017-02-16 16:15

    ᠮᠠᠨ ᠤ ᠤᠯᠤᠰ ᠲᠠᠷᠢᠶᠠᠨ ᠭᠠᠵᠠᠷ ‍ᠢ ᠦᠩᠰᠢᠭᠦᠯᠬᠦ ᠦᠨᠳᠦᠷ ᠪᠠᠷᠢᠮᠵᠢᠶᠠᠳᠦ ᠲᠠᠷᠢᠶᠠᠨ ᠭᠠᠵᠠᠷ ᠤᠨ ᠪᠠᠶᠢᠭᠤᠯᠤᠯᠳᠠ ᠶ᠋ᠢ ᠬᠦᠴᠦᠳᠡᠢ ᠠᠬᠢᠭᠤᠯᠵᠦ ᠂ ᠬᠦᠳᠡᠭᠡ ᠠᠵᠦ ᠠᠬᠤᠢ ᠶ᠋ᠢᠨ ᠤᠳᠤᠬᠢᠴᠢᠯᠠᠬᠤ ᠰᠠᠭᠤᠷᠢ ᠶ᠋ᠢ ᠪᠡᠬᠢᠵᠢᠭᠦᠯᠬᠦ ᠪᠠᠷ ᠪᠠᠶᠢᠨ᠎ᠠ ᠃ 《 13・5 》 ᠬᠦᠭ᠍ᠵᠢᠯᠲᠠ ᠶᠢᠨ ᠲᠦᠰᠦᠯ ᠤᠨ ᠬᠤᠭᠤᠴᠠᠭᠠᠨ ᠳ᠋ᠣ ᠮᠠᠨ ᠤ ᠤᠯᠤᠰ ᠭᠠᠵᠠᠷ ᠰᠢᠷᠤᠢ ᠶ᠋ᠢ ᠦᠩᠰᠢᠭᠦᠯᠦᠨ ᠵᠠᠰᠠᠭᠠᠳ ᠤᠰᠤᠳᠠᠵᠦ ᠭᠠᠩᠳᠠᠬᠤ ᠡᠴᠠ ᠠᠶᠤᠬᠤ ᠦᠭᠡᠢ 2 ᠳ᠋ᠦᠩᠰᠢᠭᠤᠷ 3000 ᠲᠦᠮᠨ ᠡᠴᠠ 3 ᠳ᠋ᠦᠩᠰᠢᠭᠤᠷ 1000 ᠲᠦᠮᠡᠨ ᠮᠦ ᠶ᠋ᠢᠨ ᠦᠨᠳᠦᠷ ᠪᠠᠷᠢᠮᠵᠢᠶᠠᠳᠦ ᠲᠠᠷᠢᠶᠠᠨ ᠭᠠᠵᠠᠷ ᠭᠠᠷᠭᠠᠬᠤ ᠪᠤᠯᠤᠨ᠎ᠠ ᠃ ᠡᠭᠦᠨ ᠤ ᠬᠠᠮᠳᠤ ᠂ ᠦᠩᠬᠡᠷᠡᠭᠰᠡᠨ ᠤ ᠲᠠᠷᠢᠶᠠᠨ ᠭᠠᠵᠠᠷ ᠤᠨ ᠴᠢᠨᠠᠷ ᠴᠢᠨᠰᠠᠭ᠎ᠠ ᠪᠤᠯᠤᠨ ᠲᠤᠭ᠎ᠠ ᠬᠡᠮᠵᠢᠶ᠎ᠡ ᠪᠠᠷ ᠭᠤᠤᠯ ᠪᠤᠯᠭᠠᠵᠦ ᠪᠠᠶᠢᠬᠰᠠᠨ ᠭᠠᠵᠠᠷ ᠰᠢᠷᠤᠢ ᠶ᠋ᠢ ᠡᠮᠬᠢᠯᠡᠨ ᠵᠠᠰᠠᠬᠤ ᠳ᠋ᠠᠩ ᠴᠤᠯᠭᠤᠢ ᠪᠤᠳᠤᠯᠭ᠎ᠠ ᠶ᠋ᠢ ᠰᠢᠨ᠎ᠡ ᠦᠶ᠎ᠡ ᠶ᠋ᠢᠨ ᠬᠤᠳᠠ ᠪᠠᠯᠭᠠᠰᠤᠵᠢᠯᠳᠠ ᠪᠠ ᠰᠢᠨ᠎ᠡ ᠬᠦᠳᠡᠭᠡ ᠲᠤᠰᠬᠤᠨ ᠤ ᠪᠠᠶᠢᠭᠤᠯᠤᠯᠳᠠ ᠳ᠋ᠣ ᠵᠤᠬᠢᠴᠠᠭᠤᠯᠵᠦ ᠶᠡᠷᠦᠩᠬᠡᠶᠢᠯᠡᠨ ᠲᠢᠭᠯᠢᠬᠦ ᠡᠷᠴᠢᠮ ᠢᠶᠡᠨ ᠴᠢᠩ᠋ᠭᠠᠯᠠᠬᠤ ᠪᠤᠯᠤᠨ᠎ᠠ ᠃ ᠲᠦᠯᠦᠪᠯᠡᠬᠡ ᠶᠤᠰᠤᠭᠠᠷ ᠂ 《 13・5 》 ᠬᠦᠭ᠍ᠵᠢᠯᠲᠠ ᠶᠢᠨ ᠲᠦᠰᠦᠯ ᠤᠨ ᠬᠤᠭᠤᠴᠠᠭᠠᠨ ᠳ᠋ᠣ ᠭᠠᠵᠠᠷ ᠰᠢᠷᠤᠢ ᠶ᠋ᠢ ᠦᠩᠰᠢᠭᠦᠯᠬᠦ ᠲᠠᠯ᠎ᠠ ᠪᠠᠷ ᠮᠠᠨ ᠤ ᠤᠯᠤᠰ ᠲᠦᠪ ᠪᠠ ᠤᠷᠤᠨ ᠨᠤᠳᠤᠭ ᠤᠨ ᠡᠯ᠎ᠡ ᠱᠠᠳᠤᠨ ᠤ ᠡᠳ᠋ ᠤᠨ ᠵᠠᠰᠠᠭ ᠪᠤᠯᠤᠨ ᠨᠡᠶᠢᠭᠡᠮ ᠤᠨ ᠬᠦᠷᠦᠩᠬᠡ ᠮᠦᠩᠭᠦ ᠵᠡᠷᠭᠡ ᠶ᠋ᠢ ᠲᠦᠮᠡ 7000 ᠳ᠋ᠦᠩᠰᠢᠭᠤᠷ ᠲᠦᠭᠦᠷᠢᠭ᠌ ᠤᠷᠤᠭᠤᠯᠬᠤ ᠪᠤᠯᠤᠨ᠎ᠠ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠷᠠᠳᠢᠤ᠋ ᠰᠦᠯᠵᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011120691120479145