蒙古文网站Logo
ᠰᠢᠨᠬᠤᠸᠠ ᠮᠤᠩᠭ᠋ᠤᠯ ᠨᠧᠲ

ᠪᠤᠷᠵᠢᠬᠢᠨ ᠭᠡᠷᠡᠯᠲᠦ ᠡᠷᠡᠬᠦᠯ ᠮᠡᠨᠳᠦ ᠳᠤ ᠲᠤᠰᠠᠯᠠᠬᠤ ᠬᠤᠤᠵᠤᠤ ᠲᠠᠢ ᠴᠠᠢ ᠰᠤᠲᠤᠯᠤᠨ ᠪᠦᠲᠦᠭᠡᠯ᠎ᠡ

2017-02-21 09:28

    ᠰᠢᠨᠬᠤᠸᠠ ᠮᠤᠩᠭ᠋ᠤᠯ ᠨᠸᠲ   ᠬᠦᠬᠡᠬᠤᠲᠠ ᠶᠢᠨ 2 ᠰᠠᠷ᠎ᠠ ᠶᠢᠨ 20 ᠤ ᠡᠲᠦᠷ ᠤᠨ ᠴᠠᠬᠢᠯᠭᠠᠨ ᠮᠡᠲᠡᠭᠡ (ᠬᠦᠵᠡᠰᠭᠦᠯᠡᠩ᠂ ᠪᠠᠢ ᠯᠢᠩ ᠳ᠋ᠢ) ᠮᠤᠩᠭ᠋ᠤᠯ ᠡᠮ ᠬᠢᠮᠢ ᠶᠢᠨ ᠰᠤᠲᠤᠯᠭᠠᠲᠠᠨ᠂ ᠦᠪᠦᠷ ᠮᠤᠩᠭ᠋ᠤᠯ ᠤᠨ ᠶᠡᠬᠡ ᠰᠤᠷᠭᠠᠭᠤᠯᠢ ᠶᠢᠨ ᠫᠷᠤᠹᠸᠰᠰᠤᠷ ᠪᠤᠷᠵᠢᠬᠢᠨ ᠭᠡᠷᠡᠯᠲᠦ ᠵᠢᠴᠢ ᠲᠡᠭᠦᠨ ᠶᠢᠡᠷ ᠠᠬᠠᠯᠠᠭᠤᠯᠤᠭᠰᠠᠨ ᠪᠠᠭ ᠤᠨ ᠬᠠᠮᠲᠤ ᠤᠯᠠᠨ᠂ ᠠᠷᠪᠠᠭᠠᠳ ᠵᠢᠯ ᠤᠨ ᠴᠠᠭ ᠢ ᠵᠠᠷᠤᠴᠠᠭᠤᠯᠤᠨ ᠬᠤᠤᠵᠤᠤ ᠶᠢᠨ ᠲᠦᠷᠦᠯ ᠤᠨ ᠤᠷᠭᠤᠮᠠᠯ ᠳ᠋ᠤ ᠠᠭᠤᠯᠤᠭᠲᠠᠬᠤ ᠢᠲᠠᠪᠬᠢ ᠪᠦᠷᠢᠯᠲᠦᠬᠦᠨ ᠴᠢᠰᠤᠨ ᠤ ᠦᠭᠡᠬᠦ ᠶᠢ ᠪᠠᠭᠤᠷᠠᠭᠤᠯᠤᠨ ᠡᠯᠢᠭᠡ ᠬᠠᠮᠠᠭᠠᠯᠠᠬᠤ ᠦᠢᠯᠡᠳᠦᠯ ᠲᠠᠢ ᠭᠡᠰᠡᠨ ᠢ ᠠᠩᠬ᠎ᠠ ᠰᠤᠲᠤᠯᠤᠨ ᠢᠯᠡᠷᠡᠬᠦᠯᠵᠤ᠂ ᠡᠬᠦᠨ ᠤ ᠪᠡᠨ ᠰᠠᠭᠤᠷᠢᠨ ᠳᠡᠭᠡᠷ᠎ᠡ ᠤᠲᠤ ᠦᠶ᠎ᠠ ᠶᠢᠨ ᠢᠯᠭᠠᠨ ᠰᠠᠯᠭᠠᠬᠤ ᠠᠷᠭ᠎ᠠ ᠪᠡᠷ ᠬᠤᠤᠵᠤᠤ ᠶᠢᠨ ᠭᠤᠱᠤᠭᠤᠨ ᠴᠢᠨᠠᠷ ᠪᠠ ᠬᠤᠤᠷᠠᠲᠤ ᠴᠢᠨᠠᠷ ᠢ ᠢᠯᠭᠠᠷᠠᠭᠤᠯᠤᠨ ᠢᠲᠡᠪᠬᠢ ᠪᠦᠷᠢᠯᠲᠦᠬᠦᠨ ᠢ ᠨᠢ ᠦᠯᠡᠳᠡᠭᠡᠵᠤ᠂ ᠬᠦᠮᠦᠨ ᠤ ᠪᠠᠶ᠎ᠠ ᠶᠢᠨ ᠡᠷᠡᠬᠦᠯ ᠮᠡᠨᠳᠦ ᠳ᠋ᠤ ᠲᠤᠰᠠᠯᠠᠬᠤ ᠬᠤᠤᠵᠤᠤ ᠲᠠᠢ ᠴᠠᠢ ᠶᠢ ᠰᠤᠲᠤᠯᠤᠨ ᠪᠦᠳᠦᠬᠡᠪᠡ᠃

    ᠤᠢᠢᠯᠠᠭᠠᠭᠰᠠᠨ ᠶᠢᠡᠷ᠂ ᠪᠤᠷᠵᠢᠬᠢᠨ ᠭᠡᠷᠡᠯᠲᠦ ᠮᠤᠩᠭ᠋ᠤᠯ ᠡᠮ ᠢᠶᠡᠷ ᠡᠪᠡᠳᠴᠢᠨ ᠵᠠᠰᠠᠬᠤ ᠮᠤᠯᠸᠺᠦ᠋ᠯ ᠢ ᠤᠲᠤ ᠦᠶ᠎ᠠ ᠶᠢᠨ ᠰᠢᠨᠵᠢᠯᠡᠬᠦ ᠤᠬᠠᠭᠠᠨ ᠤ ᠠᠷᠭ᠎ᠠ ᠪᠡᠷ ᠤᠯᠪᠤᠷᠢᠯᠠᠵᠤ ᠂ ᠡᠮᠴᠢᠯᠡᠬᠦ ᠦᠢᠯᠡᠳᠦᠯ ᠢ ᠭ᠍ᠸᠨ ᠬᠦᠷᠲᠡᠯ᠎ᠡ ᠰᠢᠰᠲ᠋ᠸᠮ ᠲᠠᠢ ᠰᠤᠲᠤᠯᠵᠤ᠂ ᠤᠯᠤᠰ ᠤᠨ ᠲᠤᠰᠬᠠᠢ ᠠᠰᠢᠭ ᠤᠨ ᠡᠷᠬᠡ ᠪᠠ ᠦᠢᠯᠡᠳᠪᠦᠷᠢᠯᠡᠬᠦ ᠡᠷᠬᠡ ᠶᠢᠨ ᠲᠠᠭᠠᠤ ᠬᠢᠵᠦ ᠪᠦᠲᠦᠭᠡᠭ᠍ᠰᠡᠨ《ᠮᠡᠨᠳᠦ》ᠴᠠᠢ ᠨᠢ ᠮᠠᠨ ᠤ ᠤᠯᠤᠰ ᠤᠨ ᠴᠢᠰᠤᠨ ᠤ ᠦᠭᠡᠬᠦ ᠶᠢ ᠪᠠᠭᠤᠷᠠᠭᠤᠯᠬᠤ᠂ ᠡᠯᠢᠭᠡ ᠬᠠᠮᠠᠭᠠᠯᠠᠬᠤ ᠳ᠋ᠤ ᠲᠤᠰᠠᠲᠠᠢ ᠰᠢᠨ᠎ᠡ ᠡᠮ ᠢ ᠰᠤᠲᠤᠯᠤᠨ ᠦᠢᠯᠡᠳᠬᠦ ᠳ᠋ᠤ ᠰᠢᠨ᠎ᠡ ᠰᠡᠳᠬᠢᠮᠵᠢ ᠬᠠᠩᠭ᠋ᠠᠵᠠᠢ᠃

    ᠪᠤᠷᠵᠢᠬᠢᠨ ᠭᠡᠷᠡᠯᠲᠦ ᠦᠪᠦᠷ ᠮᠤᠩᠭ᠋ᠤᠯ ᠤᠨ ᠰᠢᠯᠢ ᠶᠢᠨ ᠭᠤᠤᠯ ᠠᠢᠢᠮᠠᠭ ᠤᠨ ᠬᠦᠪᠡᠭᠡᠲᠦ ᠰᠢᠷ᠎ᠠ ᠬᠤᠰᠢᠭᠤ ᠪᠡᠷ ᠨᠤᠲᠤᠭ ᠲᠠᠢ᠂ ᠤᠳᠤ ᠪᠡᠷ ᠦᠪᠦᠷ ᠮᠤᠩᠭ᠋ᠤᠯ ᠤᠨ ᠶᠡᠬᠡ ᠰᠤᠷᠭᠠᠭᠤᠯᠢ ᠶᠢᠨ ᠮᠤᠩᠭ᠋ᠤᠯ ᠡᠮ ᠬᠢᠮᠢ ᠶᠢᠨ ᠰᠤᠲᠤᠯᠭᠠᠨ ᠤ ᠲᠠᠰᠤᠭ ᠤᠨ ᠳᠠᠷᠤᠭ᠎ᠠ᠂ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭ᠋ᠤᠯ ᠡᠮ ᠬᠢᠮᠢ ᠶᠢᠨ ᠭᠤᠤᠯᠲᠠᠯᠭ᠎ᠠ ᠲᠠᠢ ᠲᠤᠷᠰᠢᠯᠲᠠ ᠶᠢᠨ ᠲᠠᠰᠤᠭ ᠤᠨ ᠡᠷᠬᠢᠯᠡᠭᠴᠢ ᠪᠡᠷ ᠠᠵᠢᠯᠯᠠᠵᠤ ᠪᠤᠢ᠃ ᠪᠤᠷᠵᠢᠬᠢᠨ ᠭᠡᠷᠡᠯᠲᠦ ᠶᠢᠨ ᠲᠤᠬᠠᠢ ᠲᠡᠯᠭᠡᠷᠡᠩᠬᠦᠢ ᠮᠡᠲᠡᠭᠡᠯᠡᠯ ᠢ ᠰᠢᠨᠬᠤᠸᠠ ᠮᠤᠩᠭ᠋ᠤᠯ ᠨᠸᠲ ᠤᠢᠢᠷ᠎ᠠ ᠶᠢᠨ ᠬᠤᠭᠤᠴᠠᠭᠠᠨ ᠳ᠋ᠤ ᠲᠠ ᠪᠦᠬᠦᠨ ᠳ᠋ᠤ ᠬᠦᠷᠭᠡᠨ᠎ᠡ᠂ ᠠᠩᠬᠠᠷᠤᠯ ᠶᠢᠡᠨ ᠬᠠᠨᠲᠤᠭᠤᠯᠤᠨ᠎ᠠ ᠤᠤ!

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011120791120501153