蒙古文网站Logo
ᠰᠢᠨᠬᠤᠸᠠ ᠮᠤᠩᠭ᠋ᠤᠯ ᠨᠧᠲ

ᠬᠠᠢᠢᠰᠢ ᠶᠢᠨ ᠶᠠᠲᠠᠭᠤ ᠬᠦᠴᠢᠷᠲᠡᠯᠲᠡᠢ ᠤᠯᠠᠨ ᠲᠦᠮᠡᠨ ᠪᠦᠬᠦᠨ ᠶᠢᠡᠷ ᠶᠢᠡᠨ ᠶᠠᠲᠠᠭᠤ ᠡᠴᠡ ᠠᠩᠬᠢᠵᠢᠷᠠᠪᠠ

2017-02-21 11:25

    ᠰᠢᠨᠬᠤᠸᠠ ᠬᠤᠷᠢᠶ᠎ᠠ   ᠰᠢᠨᠢᠩ ᠤᠨ 2 ᠰᠠᠷ᠎ᠠ ᠶᠢᠨ 20 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠯᠦᠸᠸ ᠰᠢᠶᠤᠤ ᠹᠸᠢ ) 20 ᠤ ᠡᠲᠦᠷ᠂ ᠰᠤᠷᠪᠤᠯᠵᠢᠯᠠᠭᠴᠢ ᠬᠦᠬᠡᠨᠠᠭᠤᠷ ᠮᠤᠵᠢ ᠶᠢᠨ ᠬᠠᠢᠢᠰᠢ ᠶᠢᠨ ᠮᠤᠩᠭ᠋ᠤᠯ ᠲᠦᠪᠡᠳ ᠦᠨᠳᠦᠰᠦᠲᠡᠨ ᠤ ᠦᠪᠡᠷᠲᠡᠭᠡᠨ ᠵᠠᠰᠠᠬᠤ ᠵᠸᠦ ᠡᠴᠡ ᠤᠢᠢᠯᠠᠭᠠᠭᠰᠠᠨ ᠶᠢᠡᠷ᠂ ᠬᠠᠢᠢᠰᠢ ᠶᠢᠨ ᠶᠠᠲᠠᠭᠤ ᠬᠦᠴᠢᠷᠲᠡᠯᠲᠡᠢ ᠤᠯᠠᠨ ᠲᠦᠮᠡᠨ ᠪᠦᠬᠦᠨ ᠶᠢᠡᠷ ᠶᠢᠡᠨ ᠶᠠᠲᠠᠭᠤ ᠡᠴᠡ ᠠᠩᠬᠢᠵᠢᠷᠠᠪᠠ ᠭᠡᠵᠦ ᠬᠠᠮᠢᠶᠠᠲᠠᠢ ᠲᠠᠯ᠎ᠠ ᠶᠢᠨ ᠬᠢᠨ ᠦᠨᠡᠯᠡᠪᠡ ᠃

    ᠲᠤᠬᠠᠢ ᠶᠢᠨ ᠡᠲᠦᠷ ᠪᠤᠯᠤᠭᠰᠠᠨ ᠬᠡᠪᠯᠡᠯ ᠮᠡᠲᠡᠭᠡᠯᠡᠯ ᠤᠨ ᠪᠠᠭ᠎ᠠ ᠬᠤᠷᠠᠯ ᠶᠢᠡᠷ ᠬᠠᠢᠢᠰᠢ ᠵᠸᠦ ᠶᠢᠨ ᠲᠡᠳ᠋ ᠲᠠᠷᠤᠭ᠎ᠠ ᠶᠠᠩ ᠶᠢᠦ ᡁᠢ ᠬᠡᠯᠡᠬᠦ ᠳ᠋ᠡᠭᠡᠨ᠄《ᠪᠦᠷᠢᠳᠭᠡᠭ᠍ᠰᠡᠨ ᠶᠢᠡᠷ᠂ ᠪᠦᠬᠦ ᠵᠸᠦ ᠶᠢᠨ 2580 ᠡᠷᠦᠭᠡ᠂ 6122 ᠶᠠᠲᠠᠭᠤ ᠬᠦᠴᠢᠷᠲᠡᠯᠲᠡᠢ ᠬᠦᠮᠦᠨ ᠠᠮᠠ ᠶᠢᠨ ᠵᠢᠯ ᠤᠨ ᠲᠡᠭᠰᠢᠳᠭᠡᠭ᠍ᠰᠡᠨ ᠤᠷᠤᠯᠭ᠎ᠠ 10494 ᠲᠦᠭᠦᠷᠢᠭ᠌ ᠬᠦᠷᠴᠦ᠂ ᠮᠤᠵᠢ ᠶᠢᠨ ᠵᠡᠷᠭᠡᠯᠡᠯ ᠤᠨ ᠲᠤᠭᠲᠠᠭᠠᠭᠰᠠᠨ 3316 ᠲᠦᠭᠦᠷᠢᠭ᠌ ᠤᠨ ᠬᠠᠷᠠᠯᠲᠠ ᠶᠢ 316ᠲᠠᠪᠠᠭᠤᠯᠤᠨ ᠪᠡᠶᠡᠯᠡᠬᠦᠯᠪᠡ》ᠭᠡᠵᠡᠢ᠃

    ᠶᠠᠩ ᠶᠢᠦ ᡁᠢ ᠶᠢᠨ ᠲᠠᠨᠢᠯᠴᠠᠭᠤᠯᠤᠭᠰᠠᠨ ᠶᠢᠡᠷ᠂ ᠬᠠᠢᠢᠰᠢ ᠵᠸᠦ 2016 ᠤᠨ ᠳ᠋ᠤ 10.61 ᠳ᠋ᠦᠩᠰᠢᠭᠤᠷ ᠲᠦᠬᠦᠷᠢᠭ᠌ ᠤᠨ ᠬᠦᠷᠦᠩᠭᠡ ᠤᠷᠤᠭᠤᠯᠵᠤ᠂ ᠠᠵᠤ ᠦᠢᠯᠡᠰ ᠤᠨ ᠬᠦᠭ᠍ᠵᠢᠬᠦᠯᠦᠯᠲᠡ ᠪᠡᠷ ᠶᠠᠲᠠᠭᠤ ᠶᠢ ᠲᠡᠳᠬᠦᠬᠦ᠂ ᠬᠦᠷᠦᠩᠭᠡ ᠮᠦᠩᠬᠦᠨ ᠡᠴᠡ ᠠᠰᠢᠭ ᠤᠯᠭᠤᠬᠤ ᠪᠡᠷ ᠶᠠᠲᠠᠭᠤ ᠶᠢ ᠲᠡᠳᠬᠦᠬᠦ ᠵᠡᠷᠭᠡ ᠤᠯᠠᠨ ᠲᠦᠷᠦᠯ ᠤᠨ ᠠᠷᠭ᠎ᠠ ᠬᠡᠮᠵᠢᠶ᠎ᠠ ᠠᠪᠤᠭᠰᠠᠨ ᠶᠢᠡᠷ ᠪᠠᠷᠠᠬᠤ ᠦᠭᠡᠢ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠡᠷᠴᠢᠮ ᠬᠦᠴᠦ ᠵᠡᠷᠭᠡ 10 ᠰᠠᠯᠠᠭ᠎ᠠ ᠮᠦᠴᠢᠷ ᠲᠤ 4.99 ᠳ᠋ᠦᠩᠰᠢᠭᠤᠷ ᠲᠦᠭᠦᠷᠢᠭ᠌ ᠤᠨ ᠬᠦᠷᠦᠩᠭᠡ ᠤᠷᠤᠭᠤᠯᠤᠨ᠂ ᠵᠠᠮ ᠬᠠᠷᠢᠯᠴᠠᠭ᠎ᠠ ᠰᠠᠭᠠᠳ ᠦᠭᠡᠢ ᠨᠡᠪᠲᠡᠷᠡᠬᠦ᠂ ᠮᠠᠯᠵᠢᠬᠤ ᠲᠠᠷᠢᠶᠠᠯᠠᠬᠤ ᠤᠷᠤᠨ ᠤ ᠤᠤᠭᠤᠬᠤ ᠤᠰᠤᠨ ᠤ ᠠᠶᠤᠯᠬᠦᠢ ᠶᠢ ᠪᠠᠲᠤᠯᠠᠨ᠂ ᠨᠤᠷᠠᠬᠤ ᠠᠶᠤᠯᠲᠠᠢ ᠭᠡᠷ ᠪᠠᠢᠢᠰᠢᠩ ᠢ ᠵᠠᠰᠠᠨ ᠰᠢᠨᠡᠳᠭᠡᠬᠦ ᠵᠡᠷᠭᠡ ᠢᠷᠭᠡᠳ ᠤᠨ ᠠᠮᠢᠵᠢᠷᠠᠭᠠᠨ ᠤ ᠲᠦᠰᠦᠯ ᠢ ᠬᠡᠷᠡᠭᠵᠢᠬᠦᠯᠪᠡ᠃

    ᠤᠢᠢᠯᠠᠭᠠᠭᠰᠠᠨ ᠶᠢᠡᠷ᠂ ᠲᠠᠷᠠᠭᠠᠴᠢ ᠶᠢᠨ ᠠᠯᠬᠤᠮ ᠳ᠋ᠤ ᠪᠤᠲᠠᠲᠠᠢ ᠪᠠᠢᠢᠲᠠᠯ ᠶᠢᠡᠨ ᠦᠨᠳᠦᠰᠦᠯᠡᠨ ᠶᠠᠲᠠᠭᠤ ᠬᠦᠴᠢᠷᠲᠡᠯᠲᠡᠢ ᠡᠷᠦᠬᠡ ᠶᠢ ᠲᠡᠳᠬᠦᠨ ᠲᠡᠮᠵᠢᠬᠦ ᠲᠦᠷᠦ ᠶᠢᠨ ᠪᠤᠲᠤᠯᠭ᠎ᠠ ᠲᠤᠭᠲᠠᠭᠠᠨ᠂ ᠪᠠᠩᠬᠢ ᠡᠴᠡ ᠵᠢᠭᠡᠯᠡᠯᠭᠡ ᠬᠠᠩᠭ᠋ᠠᠬᠤ ᠵᠡᠷᠭᠡ ᠠᠷᠭ᠎ᠠ ᠬᠡᠮᠵᠢᠶ᠎ᠠ ᠪᠡᠷ ᠶᠠᠲᠠᠭᠤ ᠬᠦᠴᠢᠷᠲᠡᠯᠲᠡᠢ ᠤᠯᠠᠨ ᠲᠦᠮᠡᠨ ᠳ᠋ᠤ ᠠᠵᠤ ᠦᠢᠯᠡᠰ ᠤᠨ ᠬᠦᠷᠢᠶᠡᠯᠡᠩ ᠪᠠᠢᠢᠭᠤᠯᠵᠤ ᠦᠭ᠍ᠬᠦ ᠪᠡᠷ ᠲᠦᠯᠦᠪᠯᠡᠵᠦ ᠪᠠᠢᠢᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011120791120503004