蒙古文网站Logo
ᠰᠢᠨᠬᠤᠸᠠ ᠮᠤᠩᠭ᠋ᠤᠯ ᠨᠧᠲ

ᠮᠠᠨ ᠤ ᠤᠯᠤᠰ 2017 ᠤᠨ ᠳᠤ GDP ᠪᠡᠨ 6.5% ᠭᠠᠷᠤᠢ ᠪᠡᠷ ᠦᠰᠬᠡᠨ᠎ᠡ

2017-03-05 11:07

    3 ᠰᠠᠷ᠎ᠠ ᠶᠢᠨ 5 ᠤ ᠦᠳᠡ ᠶᠢᠨ ᠡᠮᠦᠨᠡᠬᠢ 9᠄00 ᠴᠠᠭ ᠲᠤ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠳᠠᠪᠤᠳᠤᠭᠠᠷ ᠬᠤᠷᠠᠯ ᠪᠡᠬᠡᠵᠢᠩ ᠤᠨ ᠠᠷᠠᠳ ᠤᠨ ᠶᠡᠬᠡ ᠬᠤᠷᠠᠯ ᠤᠨ ᠳᠠᠩᠬᠢᠮ ᠳᠤ ᠡᠬᠢᠯᠡᠪᠡ᠃ ᠳᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠵᠠᠰᠠᠭ ᠤᠨ ᠭᠠᠵᠠᠷ ᠤᠨ ᠠᠵᠢᠯ ᠤᠨ ᠢᠯᠡᠳᠬᠡᠯ ᠬᠢᠵᠡᠢ᠃

    ᠠᠵᠢᠯ ᠤᠨ ᠢᠯᠡᠳᠬᠡᠯ ᠳᠤ ᠳᠤᠷᠠᠳᠤᠭᠰᠠᠨ ᠮᠠᠨ ᠤ ᠤᠯᠤᠰ ᠤᠨ ᠡᠨᠡ ᠵᠢᠯ ᠤᠨ ᠬᠦᠭᠵᠢᠯᠳᠡ ᠶᠢᠨ ᠭᠤᠤᠯ ᠴᠢᠬᠤᠯᠠ ᠬᠠᠷᠠᠯᠳᠠ᠄ ᠤᠯᠤᠰ ᠤᠨ ᠳᠤᠳᠤᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6.5% ᠭᠠᠷᠤᠢ ᠪᠡᠷ ᠨᠡᠮᠡᠭᠳᠡᠬᠦᠯᠬᠦ ᠪᠡᠷ ᠳᠦᠯᠦᠪᠯᠡᠵᠤ᠂ ᠪᠤᠳᠠᠳᠠᠢ ᠠᠵᠢᠯ ᠤᠨ ᠳᠤᠮᠳᠠ ᠪᠡᠨ ᠨᠡᠩ ᠰᠠᠶᠢᠨ ᠦᠷ᠎ᠡ ᠳ᠋ᠦᠩ ᠳᠤ ᠬᠦᠷᠬᠡᠨ᠎ᠡ; ᠰᠠᠭᠤᠭᠠᠯᠢ ᠠᠷᠠᠳ ᠤᠨ ᠬᠡᠷᠡᠭᠯᠡᠬᠡᠨ ᠤ ᠦᠨ᠎ᠡ ᠶᠢ 3% ᠭᠠᠷᠤᠢ ᠪᠡᠷ ᠨᠡᠮᠡᠭᠳᠡᠬᠦᠯᠦᠨ᠎ᠠ; ᠬᠤᠳᠠ ᠪᠠᠯᠭᠠᠰᠤᠨ ᠤ ᠰᠢᠨ᠎ᠡ ᠪᠡᠷ ᠠᠵᠢᠯ ᠤᠨ ᠪᠠᠶᠢᠷᠢᠨ ᠳᠤ ᠭᠠᠷᠬᠤ ᠬᠦᠮᠦᠰ ᠢ 1100 ᠳᠦᠮᠡ ᠡᠴᠡ ᠳᠡᠬᠡᠭᠰᠢ ᠪᠠᠶᠢᠯᠭᠠᠨ᠎ᠠ; ᠬᠤᠳᠠ ᠪᠠᠯᠭᠠᠰᠤᠨ ᠤ ᠪᠦᠷᠢᠳᠬᠡᠬᠦᠯᠦᠭᠰᠡᠨ ᠠᠵᠢᠯ ᠠᠯᠳᠠᠯᠳᠠ ᠶᠢᠨ ᠨᠤᠷᠮ᠎ᠠ ᠶᠢ 4.5% ᠶᠢᠨ ᠳᠤᠳᠤᠷ᠎ᠠ ᠬᠢᠵᠠᠭᠠᠷᠯᠠᠨ᠎ᠠ; ᠡᠺᠰᠫᠤᠷᠲ᠂ ᠢᠮᠫᠤᠷᠲ ᠢ ᠳᠤᠭᠳᠠᠭᠤᠨ ᠪᠠᠶᠢᠯᠭᠠᠵᠤ᠂ ᠤᠯᠠᠨ ᠤᠯᠤᠰ ᠤᠨ ᠤᠷᠤᠯᠭ᠎ᠠ ᠵᠠᠷᠤᠯᠭ᠎ᠠ ᠶᠢᠨ ᠹᠤᠨᠳ᠋ ᠶᠢ ᠳᠡᠩᠴᠡᠪᠦᠷᠢᠳᠡᠢ ᠪᠠᠶᠢᠯᠭᠠᠨ᠎ᠠ; ᠰᠠᠭᠤᠭᠠᠯᠢ ᠠᠷᠠᠳ ᠤᠨ ᠤᠷᠤᠯᠭ᠎ᠠ ᠪᠠ ᠡᠳ᠋ ᠤᠨ ᠵᠠᠰᠠᠭ ᠤᠨ ᠦᠰᠦᠯᠳᠡ ᠶᠢ ᠦᠨᠳᠦᠰᠦᠨ ᠳᠤ ᠨᠢ ᠢᠵᠢᠯ ᠠᠯᠬᠤᠮ ᠲᠠᠢ ᠪᠠᠶᠢᠯᠭᠠᠨ᠎ᠠ; ᠤᠯᠤᠰ ᠤᠨ ᠳᠤᠳᠤᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠨᠢᠬᠡᠴᠡᠯᠡᠭᠰᠡᠨ ᠬᠤᠷᠤᠭᠳᠠᠯ ᠢ 3.4% ᠡᠴᠡ ᠳᠡᠬᠡᠭᠰᠢ ᠬᠡᠮᠵᠢᠶ᠎ᠡ ᠪᠡᠷ ᠪᠠᠭᠤᠷᠠᠭᠤᠯᠤᠨ᠎ᠠ; ᠭᠤᠤᠯ ᠴᠢᠬᠤᠯᠠ ᠪᠤᠬᠢᠷᠳᠤᠯ ᠪᠤᠳᠠᠰ ᠤᠨ ᠭᠠᠳᠠᠭᠰᠢᠯᠠᠭᠤᠯᠤᠯᠳᠠ ᠶᠢ ᠦᠷᠬᠦᠯᠵᠢᠯᠡᠨ ᠪᠠᠭᠠᠰᠬᠠᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
关闭
010070230030000000000000011120701120571016