蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ《ᠮᠤᠩᠭᠤᠯ ᠦᠨᠳᠦᠰᠦᠳᠡᠨ ᠤ ᠳᠡᠤᠬᠡ ᠶᠢᠨ ᠬᠦᠤᠷᠨᠢᠯ》 ᠬᠡᠮᠡᠬᠦ ᠴᠤᠪᠤᠷᠠᠯ ᠨᠤᠮ ᠬᠡᠪᠯᠡᠬᠦᠯᠦᠨ᠎ᠡ

2017-03-16 13:08

    ᠰᠢᠨᠬᠤᠧᠠ ᠬᠤᠷᠢᠶ᠎ᠠ   ᠪᠡᠬᠡᠵᠢᠩ ᠤᠨ 3 ᠰᠠᠷ᠎ᠠ ᠶᠢᠨ 16 ᠤ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠬᠠᠯᠢᠨ᠎ᠠ) ᠰᠤᠷᠪᠤᠯᠵᠢᠯᠠᠭᠴᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠮᠡᠳᠡᠬᠡ ᠮᠡᠳᠡᠬᠡᠯᠡᠯ ᠬᠡᠪᠯᠡᠯ ᠷᠠᠳᠢᠣ᠋ ᠲᠧᠯᠧᠶ᠋ᠰ ᠳᠤᠪᠴᠢᠶ᠎ᠠ ᠡᠴᠡ ᠤᠶᠢᠯᠠᠭᠠᠭᠰᠠᠨ ᠢᠶᠡᠷ᠂ ᠮᠤᠩᠭᠤᠯ ᠦᠨᠳᠦᠰᠦᠳᠡᠨ ᠤ ᠳᠡᠤᠬᠡ ᠰᠤᠶᠤᠯ ᠢ ᠤᠯᠠᠮ ᠨᠢᠬᠡ ᠠᠯᠬᠤᠮ ᠠᠪᠤᠷᠠᠵᠤ ᠬᠠᠮᠠᠭᠠᠯᠠᠬᠤ ᠡᠬᠦᠳᠡᠨ ᠡᠴᠡ ᠦᠪᠦᠷ ᠮᠤᠩᠭᠤᠯ ᠨᠢ《ᠮᠤᠩᠭᠤᠯ ᠦᠨᠳᠦᠰᠦᠳᠡᠨ ᠤ ᠳᠡᠤᠬᠡ ᠶᠢᠨ ᠬᠦᠤᠷᠨᠢᠯ》᠂《ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠳᠡᠤᠬᠡ ᠶᠢᠨ ᠬᠦᠤᠷᠨᠢᠯ》 ᠵᠡᠷᠬᠡ ᠬᠦᠨᠳᠦ ᠴᠢᠬᠤᠯᠠ ᠴᠤᠪᠤᠷᠠᠯ ᠨᠤᠮ ᠬᠡᠪᠯᠡᠬᠦᠯᠬᠦ ᠳᠦᠰᠦᠯ ᠪᠤᠯᠪᠠᠰᠤᠷᠠᠭᠤᠯᠵᠤ᠂ ᠮᠤᠩᠭᠤᠯ ᠦᠨᠳᠦᠰᠦᠳᠡᠨ ᠤ ᠦᠪ ᠪᠠᠶᠠᠨ ᠳᠡᠤᠬᠡ ᠰᠤᠶᠤᠯ ᠢ ᠰᠢᠰᠲ᠋ᠧᠮ ᠲᠠᠢ ᠡᠮᠬᠢᠯᠡᠵᠤ ᠬᠠᠳᠠᠭᠠᠯᠠᠬᠤ ᠠᠵᠢᠯ ᠢ ᠡᠬᠢᠯᠡᠬᠦᠯᠬᠦ ᠪᠡᠷ ᠪᠤᠯᠵᠠᠢ᠃

    ᠰᠡᠬᠦᠯ ᠤᠨ ᠵᠢᠯ ᠤᠳ ᠲᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ 《ᠮᠤᠩᠭᠤᠯ ᠦᠨᠳᠦᠰᠦᠳᠡᠨ ᠤ ᠳᠡᠤᠬᠡ ᠰᠤᠶᠤᠯ ᠤᠨ ᠰᠤᠩᠭᠤᠳᠠᠭ ᠪᠦᠳᠦᠬᠡᠯ ᠤᠨ ᠬᠦᠮᠦᠷᠬᠡ》᠂ 《ᠦᠪᠦᠷ ᠮᠤᠩᠭᠤᠯ ᠤᠨ ᠳᠡᠤᠬᠡ ᠰᠤᠶᠤᠯ ᠤᠨ ᠴᠤᠪᠤᠷᠠᠯ ᠨᠤᠮ》 ᠵᠡᠷᠬᠡ ᠰᠤᠩᠭᠤᠳᠠᠭ ᠪᠦᠳᠦᠬᠡᠯ ᠬᠡᠪᠯᠡᠬᠦᠯᠬᠦ ᠳᠦᠰᠦᠯ ᠤᠳ ᠢ ᠬᠡᠷᠡᠭᠵᠢᠬᠦᠯᠵᠤ ᠡᠬᠢᠯᠡᠭᠰᠡᠨ ᠤ ᠳᠤᠳᠤᠷ᠎ᠠ᠂《ᠮᠤᠩᠭᠤᠯ ᠦᠨᠳᠦᠰᠦᠳᠡᠨ ᠤ ᠳᠡᠤᠬᠡ ᠰᠤᠶᠤᠯ ᠤᠨ ᠰᠤᠩᠭᠤᠳᠠᠭ ᠪᠦᠳᠦᠬᠡᠯ ᠤᠨ ᠬᠦᠮᠦᠷᠬᠡ》  ᠳᠤ ᠮᠤᠩᠭᠤᠯ ᠦᠨᠳᠦᠰᠦᠳᠡᠨ ᠤ ᠦᠵᠡᠯ ᠰᠠᠨᠠᠭᠠᠨ ᠤ ᠳᠡᠤᠬᠡ᠂ ᠠᠷᠠᠳ ᠤᠨ ᠤᠷᠠᠯᠢᠭ ᠵᠡᠷᠬᠡ ᠶᠢ ᠪᠠᠭᠳᠠᠭᠠᠭᠰᠠᠨ 300 ᠳᠦᠷᠦᠯ ᠬᠡᠪᠯᠡᠬᠦᠯᠬᠦ ᠪᠡᠷ ᠳᠦᠰᠦᠪᠯᠡᠵᠤ᠂ ᠤᠳᠤ ᠪᠡᠷ 8 ᠳᠦᠷᠦᠯ ᠢ ᠨᠢ ᠬᠡᠪᠯᠡᠬᠦᠯᠦᠨ ᠳᠠᠷᠬᠠᠭᠠᠭᠠᠳ ᠪᠠᠶᠢᠨ᠎ᠠ᠃ ᠮᠦᠨ ᠮᠤᠩᠭᠤᠯ ᠦᠨᠳᠦᠰᠦᠳᠡᠨ ᠤ ᠨᠡᠪᠳᠡᠷᠬᠡᠢ ᠳᠡᠤᠬᠡ᠂ ᠵᠢᠩᠭᠠᠷ᠂ ᠮᠤᠩᠭᠤᠯ ᠦᠨᠳᠦᠰᠦᠳᠡᠨ ᠤ ᠠᠮᠢᠳᠠᠨ ᠤ ᠶᠤᠭᠳᠠ ᠦᠯᠢᠬᠡᠷ ᠵᠡᠷᠬᠡ 16 ᠳᠦᠷᠦᠯ ᠤᠨ ᠨᠤᠮ ᠪᠢᠴᠢᠭ᠌ ᠢ ᠮᠤᠩᠭᠤᠯ ᠤᠯᠤᠰ ᠤᠨ ᠪᠠᠭᠠᠴᠤᠳ ᠤᠨ ᠨᠤᠮ ᠤᠨ ᠰᠠᠩ ᠳᠤ ᠬᠠᠨᠳᠢᠪᠯᠠᠭᠰᠠᠨ ᠳᠡᠳᠦᠢ ᠦᠬᠡᠢ《ᠨᠠᠬᠢᠶ᠎ᠠ ᠳᠤᠮᠳᠠᠳᠤ ᠮᠤᠩᠭᠤᠯ ᠤᠨ ᠬᠡᠪᠯᠡᠯ ᠮᠡᠳᠡᠬᠡᠯᠡᠯ ᠤᠨ ᠰᠤᠯᠢᠯᠴᠠᠭ᠎ᠠ》 ᠳᠦᠰᠦᠯ ᠢ ᠬᠡᠷᠡᠭᠵᠢᠬᠦᠯᠵᠤ ᠡᠬᠢᠯᠡᠭᠰᠡᠨ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701120639196