蒙古文网站Logo
ᠰᠢᠨᠬᠤᠸᠠ ᠮᠤᠩᠭ᠋ᠤᠯ ᠨᠧᠲ

ᠮᠠᠨ ᠤ ᠤᠯᠤᠰ ᠤᠨ ᠴᠦᠬᠡᠨ ᠲᠤᠭᠠᠲᠤ ᠦᠨᠳᠦᠰᠦᠲᠡᠨ ᠤ ᠤᠶᠤᠲᠠᠳ ᠤᠨ ᠠᠵᠢᠯ ᠤᠯᠭᠤᠯᠲᠠ ᠶᠢᠨ ᠨᠤᠷᠮ᠎ᠠ ᠲᠤᠭᠲᠠᠭᠤᠨ ᠲᠡᠭᠡᠭ᠍ᠰᠢᠯᠡᠯᠲᠡ ᠲᠠᠢ

2017-03-20 15:45

    ᠰᠢᠨᠬᠤᠸᠠ ᠮᠤᠩᠭ᠋ᠤᠯ ᠨᠸᠲ   ᠬᠦᠬᠡᠬᠤᠲᠠ ᠶᠢᠨ 3 ᠰᠠᠷ᠎ᠠ ᠶᠢᠨ 20 ᠤ ᠡᠲᠦᠷ ᠤᠨ ᠴᠠᠬᠢᠯᠭᠠᠨ ᠮᠡᠲᠡᠭᠡ (ᠦᠵᠡᠰᠭᠦᠯᠡᠩ) ᠤᠲᠤᠬᠠᠨ ᠳ᠋ᠤ ᠮᠠᠨ ᠤ ᠤᠯᠤᠰ ᠤᠨ ᠴᠦᠬᠡᠨ ᠲᠤᠭᠠᠲᠤ ᠦᠨᠳᠦᠰᠦᠲᠡᠨ ᠤ ᠤᠶᠤᠲᠠᠳ ᠤᠨ ᠠᠵᠢᠯ ᠤᠯᠭᠤᠯᠲᠠ ᠶᠢᠨ ᠨᠤᠷᠮ᠎ᠠ ᠲᠤᠭᠲᠠᠭᠤᠨ ᠲᠡᠭᠡᠭ᠍ᠰᠢᠯᠡᠯᠲᠡ ᠲᠠᠢ ᠭᠡᠳᠡᠭ ᠢ ᠤᠯᠤᠰ ᠲᠠᠶᠠᠭᠠᠷ ᠤᠨ ᠦᠨᠳᠦᠰᠦᠲᠡᠨ ᠤ ᠰᠤᠷᠭᠠᠨ ᠬᠦᠮᠦᠵᠢᠯ ᠤᠨ ᠰᠤᠲᠤᠯᠭᠠᠨ ᠤ ᠲᠤᠮᠤ ᠲᠦᠰᠦᠯ ᠪᠤᠯᠬᠤ《ᠴᠦᠬᠡᠨ ᠲᠤᠭᠠᠲᠤ ᠦᠨᠳᠦᠰᠦᠲᠡᠨ ᠤ ᠲᠡᠭᠦᠰᠬᠦ ᠤᠶᠤᠲᠠᠳ ᠤᠨ ᠠᠵᠢᠯ ᠤᠯᠵᠤ ᠦᠢᠯᠡᠰ ᠪᠦᠲᠦᠭᠡᠬᠦ ᠲᠤᠬᠠᠢ ᠰᠤᠲᠤᠯᠤᠯ》 ᠳ᠋ᠤ ᠢᠯᠡᠷᠡᠬᠦᠯᠵᠡᠢ ᠃

    ᠲᠤᠰ ᠲᠦᠰᠦᠯ ᠢ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠲᠡᠳ᠋ ᠱᠦᠵᠢ᠂ ᠫᠷᠤᠹᠸᠰᠰᠤᠷ᠂ ᠳ᠋ᠤᠺᠲ᠋ᠤᠷ ᠬᠤ ᠴᠦᠨ ᠮᠸᠢ ᠪᠡᠷ ᠠᠬᠠᠯᠠᠭᠤᠯᠤᠭᠰᠠᠨ ᠪᠠᠭ ᠤᠨ ᠬᠢᠨ ᠬᠦᠢᠴᠡᠳᠭᠡᠵᠦ᠂ ᠬᠤᠶᠠᠷ ᠵᠢᠯ ᠭᠠᠷᠤᠢ ᠶᠢᠨ ᠴᠠᠭ ᠢ ᠵᠠᠷᠤᠴᠠᠭᠤᠯᠤᠨ ᠪᠡᠭᠡᠵᠢᠩ᠂ ᠦᠪᠦᠷ ᠮᠤᠩᠭ᠋ᠤᠯ᠂ ᠰᠢᠨᠵᠢᠶᠠᠩ᠂ ᠨᠢᠩᠰᠢᠶᠠ᠂ ᠰᠸᠴᠤᠸᠠᠨ᠂ ᠶᠦᠨᠨᠠᠨ᠂ ᠬᠦᠢᠵᠸᠦ᠂ ᠬᠢᠷᠢᠨ ᠵᠡᠷᠭᠡ ᠨᠠᠶ᠋ᠮᠠᠨ ᠮᠤᠵᠢ ᠤᠷᠤᠨ ᠤ 20 ᠭᠠᠷᠤᠢ ᠠᠵᠢᠯ ᠤᠯᠭᠤᠯᠲᠠ ᠶᠢᠨ ᠰᠠᠯᠠᠭ᠎ᠠ ᠮᠦᠴᠢᠷ ᠪᠠ ᠬᠠᠮᠢᠶ᠎ᠠ ᠲᠠᠢ ᠶᠡᠬᠡ ᠲᠡᠭᠡᠳᠦ ᠰᠤᠷᠭᠠᠭᠤᠯᠢ ᠳ᠋ᠤ ᠬᠦᠷᠴᠦ᠂ ᠠᠰᠠᠭᠤᠯᠲᠠ ᠶᠢᠨ ᠬᠠᠭᠤᠲᠠᠰᠤ 1300 ᠲᠠᠷᠬᠠᠭᠠᠨ᠂ ᠶᠠᠷᠢᠯᠴᠠᠬᠤ ᠬᠤᠷᠠᠯ 14 ᠤᠲᠠᠭ᠎ᠠ ᠵᠤᠬᠢᠶᠠᠨ ᠪᠠᠢᠢᠭᠤᠯᠵᠤ᠂ 145 ᠪᠠᠭᠰᠢ ᠰᠤᠷᠤᠭᠴᠢ ᠲᠠᠢ ᠠᠵᠢᠯ ᠤᠯᠭᠤᠯᠲᠠ ᠦᠢᠯᠡᠰ ᠪᠦᠲᠦᠭᠡᠬᠦ ᠰᠡᠲᠦᠪ ᠤᠨ ᠲᠤᠭᠤᠷᠢᠨ ᠳ᠋ᠤ ᠰᠤᠳᠤᠯᠭᠠᠨ ᠬᠢᠵᠦ ᠲᠤᠰ ᠳ᠋ᠦᠡᠭᠨᠡᠯᠳᠡ ᠵᠢ ᠭᠠᠷᠭᠠᠵᠠᠢ᠃

    ᠬᠤ ᠴᠦᠨ ᠮᠸᠢ ᠵᠢᠨ ᠶᠠᠷᠢᠬᠤ ᠪᠡᠷ᠂《ᠴᠦᠬᠡᠨ ᠲᠤᠭᠠᠲᠤ ᠦᠨᠳᠦᠰᠦᠲᠡᠨ ᠤ ᠤᠶᠤᠲᠠᠳ ᠤᠨ ᠠᠵᠢᠯ ᠤᠯᠭᠤᠯᠲᠠ ᠦᠢᠯᠡᠰ ᠪᠦᠲᠦᠭᠡᠬᠦ ᠳ᠋ᠤ ᠠᠵᠢᠯ ᠤᠯᠭᠤᠯᠲᠠ ᠶᠢᠨ ᠨᠤᠷᠮ᠎ᠠ᠂ ᠴᠢᠨᠠᠷ ᠴᠢᠨᠰᠠᠭ᠎ᠠ᠂ ᠦᠪᠡᠷ ᠶᠢᠡᠨ ᠦᠢᠯᠡᠰ ᠪᠦᠲᠦᠭᠡᠬᠦ ᠨᠤᠷᠮ᠎ᠠ ᠲᠤᠤᠷ᠎ᠠ ᠪᠠᠢᠢᠬᠤ᠂ ᠴᠦᠬᠡᠨ ᠲᠤᠭᠠᠲᠤ ᠦᠨᠳᠦᠰᠦᠲᠡᠨ ᠤ ᠤᠶᠤᠲᠠᠳ ᠤᠨ ᠠᠵᠢᠯ ᠤᠨ ᠪᠠᠢᠢᠷᠢ ᠬᠠᠩᠭ᠋ᠠᠯᠭ᠎ᠠ ᠨᠢ ᠬᠡᠷᠡᠭᠴᠡᠭᠡᠨ ᠳ᠋ᠤ ᠬᠦᠷᠬᠦ ᠦᠭᠡᠢ ᠪᠠᠢᠢᠬᠤ᠂ ᠰᠤᠷᠤᠭᠰᠠᠨ ᠲᠤᠰᠬᠠᠢ ᠮᠡᠷᠭᠡᠵᠢᠯ ᠨᠢ ᠨᠡᠢᠢᠭᠡᠮ ᠡᠳ᠋ ᠤᠨ ᠵᠠᠰᠠᠭ ᠤᠨ ᠬᠦᠭ᠍ᠵᠢᠯᠲᠠ ᠲᠠᠢ ᠲᠤᠬᠢᠷᠠᠯᠴᠠᠬᠤ ᠦᠭᠡᠢ ᠪᠠᠢᠢᠬᠤ᠂ ᠦᠢᠯᠡᠳᠦᠯᠭᠡ ᠶᠢᠨ ᠴᠢᠲᠠᠪᠤᠷᠢ ᠠᠨᠠᠢ᠂ ᠮᠡᠲᠡᠯᠭᠡ ᠶᠢᠨ ᠬᠦᠷᠢᠶ᠎ᠠ ᠬᠡᠪᠴᠢᠶ᠎ᠠ ᠢᠪᠴᠤᠤ᠂ ᠬᠢᠲᠠᠳ ᠬᠡᠯᠡᠨ ᠤ ᠬᠢᠷᠢ ᠬᠡᠮᠵᠢᠶ᠎ᠠ ᠲᠤᠤᠷ᠎ᠠ᠂ ᠲᠡᠮᠵᠢᠨ ᠲᠤᠰᠠᠯᠠᠬᠤ ᠲᠤᠭᠲᠠᠯᠴᠠᠭ᠎ᠠ ᠪᠦᠷᠢᠨ ᠬᠦᠢᠴᠡᠳ ᠦᠭᠡᠢ ᠵᠡᠷᠭᠡ ᠠᠰᠠᠭᠤᠲᠠᠯ ᠡᠴᠡ ᠤᠷᠤᠰᠢᠵᠤ ᠪᠠᠢᠢᠨ᠎ᠠ》ᠭᠡᠵᠡᠢ᠃

    ᠲᠤᠰ ᠰᠤᠲᠤᠯᠭᠠᠨ ᠤ ᠦᠷ᠎ᠠ ᠪᠦᠲᠦᠭᠡᠯ ᠨᠢ ᠴᠦᠬᠡᠨ ᠲᠤᠭᠠᠲᠤ ᠦᠨᠳᠦᠰᠦᠲᠡᠨ ᠤ ᠤᠶᠤᠲᠠᠳ ᠤᠨ ᠠᠵᠢᠯ ᠤᠯᠭᠤᠯᠲᠠ ᠦᠢᠯᠡᠰ ᠪᠦᠲᠦᠭᠡᠬᠦ ᠳ᠋ᠤ ᠵᠦᠪ ᠵᠢᠯᠤᠭᠤᠲᠤᠮᠵᠢ ᠬᠠᠩᠭ᠋ᠠᠬᠤ ᠪᠡᠷ ᠪᠠᠷᠠᠬᠤ ᠦᠭᠡᠢ ᠴᠦᠬᠡᠨ ᠲᠤᠭᠠᠲᠤ ᠦᠨᠳᠦᠰᠦᠲᠡᠨ ᠤ ᠤᠶᠤᠲᠠᠳ ᠤᠨ ᠠᠵᠢᠯ ᠤᠯᠭᠤᠯᠲᠠ ᠦᠢᠯᠡᠰ ᠪᠦᠲᠦᠭᠡᠬᠦ ᠶᠢ ᠲᠡᠮᠵᠢᠨ ᠲᠤᠰᠠᠯᠠᠬᠤ ᠲᠤᠭᠲᠠᠯᠴᠠᠭ᠎ᠠ ᠶᠢᠨ ᠪᠤᠢ ᠪᠤᠯᠬᠤ᠂ ᠴᠦᠬᠡᠨ ᠲᠤᠭᠠᠲᠤ ᠦᠨᠳᠦᠰᠦᠲᠡᠨ ᠤ ᠰᠢᠯᠢᠲᠡᠭ ᠴᠢᠲᠠᠪᠤᠷᠢᠲᠠᠨ ᠢ ᠬᠦᠮᠦᠵᠢᠬᠦᠯᠬᠦ ᠳ᠋ᠤ ᠴᠢᠬᠤᠯᠠ ᠶᠡᠬᠡ ᠠᠴᠢ ᠬᠤᠯᠪᠤᠭᠲᠠᠯ ᠲᠠᠢ᠃

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120791120660241