蒙古文网站Logo
ᠰᠢᠨᠬᠤᠸᠠ ᠮᠤᠩᠭ᠋ᠤᠯ ᠨᠧᠲ

ᠪᠡᠬᠡᠵᠢᠩ ᠤᠨ 3600 ᠡᠮ ᠡᠮᠨᠡᠯᠬᠡ ᠶᠢᠨ ᠪᠠᠶᠢᠭᠤᠯᠤᠮᠵᠢ ᠳ᠋ᠤᠭᠠᠷ ᠤᠨ ᠳᠦᠯᠦᠪᠦᠷᠢ ᠶᠢ ᠦᠬᠡᠶᠢᠰᠬᠡᠨ᠎ᠡ

2017-03-23 16:11

    3 ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠪᠡᠬᠡᠵᠢᠩ ᠬᠤᠳᠠ ᠶᠢᠨ ᠡᠮ᠂ ᠡᠮ ᠡᠮᠨᠡᠯᠬᠡ ᠶᠢ ᠰᠠᠯᠭᠠᠬᠤ ᠶᠡᠷᠦᠩᠬᠡᠶᠢᠯᠡᠭᠰᠡᠨ ᠦᠬᠡᠷᠡᠴᠢᠯᠡᠯᠳᠡ ᠶᠢᠨ ᠠᠯᠪᠠ ᠬᠡᠪᠯᠡᠯ ᠮᠡᠳᠡᠬᠡᠯᠡᠯ ᠤᠨ ᠪᠠᠭ᠎ᠠ ᠬᠤᠷᠠᠯ ᠬᠤᠷᠠᠯᠳᠤᠭᠤᠯᠪᠠ᠃

    ᠬᠤᠷᠠᠯ ᠡᠴᠡ ᠤᠶᠢᠯᠠᠭᠠᠭᠰᠠᠨ ᠢᠶᠡᠷ᠂ 《ᠪᠡᠬᠡᠵᠢᠩ ᠬᠤᠳᠠ ᠶᠢᠨ ᠡᠮ᠂ ᠡᠮ ᠡᠮᠨᠡᠯᠬᠡ ᠶᠢ ᠰᠠᠯᠭᠠᠬᠤ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠬᠡᠷᠡᠭᠵᠢᠬᠦᠯᠬᠦ ᠳᠦᠰᠦᠯ》 ᠢ 4 ᠰᠠᠷ᠎ᠠ ᠶᠢᠨ 8 ᠤ ᠡᠳᠦᠷ ᠡᠴᠡ ᠡᠬᠢᠯᠡᠵᠤ ᠪᠦᠬᠦ ᠳᠠᠯ᠎ᠠ ᠪᠡᠷ ᠬᠡᠷᠡᠭᠵᠢᠬᠦᠯᠦᠨ᠎ᠡ᠂ ᠪᠦᠬᠦ ᠬᠤᠳᠠ ᠶᠢᠨ 3600 ᠭᠠᠷᠤᠢ ᠡᠮ ᠡᠮᠨᠡᠯᠬᠡ ᠶᠢᠨ ᠪᠠᠶᠢᠭᠤᠯᠤᠮᠵᠢ ᠨᠢ ᠡᠮ ᠤᠨ ᠨᠡᠮᠡᠯᠳᠡ ᠦᠨ᠎ᠡ (ᠡᠬᠦᠨ ᠳᠤ ᠬᠢᠳᠠᠳ ᠡᠮ ᠤᠨ ᠬᠡᠷᠴᠢᠮᠡᠯ ᠪᠠᠭᠳᠠᠬᠤ ᠦᠬᠡᠢ)᠂ ᠳ᠋ᠤᠭᠠᠷ ᠤᠨ ᠳᠦᠯᠦᠪᠦᠷᠢ᠂ ᠤᠨᠤᠰᠢᠯᠠᠭᠠᠨ ᠤ ᠳᠦᠯᠦᠪᠦᠷᠢ ᠵᠡᠷᠬᠡ ᠶᠢ ᠦᠬᠡᠶᠢᠰᠬᠡᠵᠤ᠂ ᠪᠦᠬᠦ ᠡᠮ ᠤᠨ ᠪᠦᠳᠦᠬᠡᠭᠳᠡᠬᠦᠨ ᠢ ᠦᠨ᠎ᠡ ᠵᠦᠷᠢᠬᠦᠯᠬᠦ ᠦᠬᠡᠢ ᠪᠡᠷ ᠪᠤᠷᠤᠯᠠᠭᠤᠯᠵᠤ᠂ ᠡᠮᠴᠢᠯᠡᠬᠡ ᠶᠢᠨ ᠦᠢᠯᠡᠴᠢᠯᠡᠬᠡᠨ ᠤ ᠳᠦᠯᠦᠪᠦᠷᠢ ᠬᠤᠷᠢᠶᠠᠬᠤ ᠪᠤᠯᠤᠨ᠎ᠠ᠃ ᠡᠮ ᠡᠮᠨᠡᠯᠬᠡ ᠶᠢᠨ ᠳᠠᠭᠠᠳᠬᠠᠯ ᠨᠢ ᠡᠬᠦᠳᠡᠨ ᠡᠮᠨᠡᠯᠬᠡ ᠶᠢᠨ ᠡᠮᠴᠢᠯᠡᠬᠡ ᠶᠢᠨ ᠦᠢᠯᠡᠴᠢᠯᠡᠬᠡᠨ ᠤ ᠳᠦᠯᠦᠪᠦᠷᠢ ᠶᠢ ᠳᠤᠭᠳᠠᠭᠰᠠᠨ ᠬᠡᠮᠵᠢᠶ᠎ᠡ ᠪᠡᠷ ᠴᠠᠶᠢᠷᠠᠭᠤᠯᠵᠤ᠂ ᠡᠮᠨᠡᠯᠬᠡ ᠳᠤ ᠰᠠᠭᠤᠭᠰᠠᠨ ᠡᠮᠴᠢᠯᠡᠬᠡ ᠶᠢᠨ ᠦᠢᠯᠡᠴᠢᠯᠡᠬᠡᠨ ᠤ ᠳᠦᠯᠦᠪᠦᠷᠢ ᠶᠢ ᠬᠠᠷᠢᠴᠠᠯ ᠢᠶᠡᠷ ᠴᠠᠶᠢᠷᠠᠭᠤᠯᠬᠤ ᠪᠤᠯᠤᠨ᠎ᠠ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120701120682200