蒙古文网站Logo
ᠰᠢᠨᠬᠤᠸᠠ ᠮᠤᠩᠭ᠋ᠤᠯ ᠨᠧᠲ

ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠶᠢᠰᠤᠳᠦᠬᠡᠷ ᠬᠤᠭᠤᠴᠠᠭᠠᠨ ᠤ ᠴᠥᠬᠡᠨ ᠲᠤᠭᠠᠲᠤ ᠦᠨᠳᠤᠰᠤᠲᠠᠨ ᠤ ᠤᠯᠠᠮᠵᠢᠯᠠᠯᠲᠤ ᠲᠠᠮᠢᠷ ᠤᠨ ᠴᠢᠭᠤᠯᠭᠠᠨ ᠤ ᠰᠦᠯᠳᠠ ᠪᠤᠯᠤᠨ ᠦᠯᠵᠡᠶᠢᠲᠤ ᠠᠮᠢᠲᠠᠨ ᠢ ᠲᠤᠭᠳᠠᠪᠠ

2017-04-11 16:06

    ᠤᠶᠢᠷ᠎ᠠ ᠳᠤ᠂ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠶᠢᠰᠤᠳᠦᠬᠡᠷ ᠬᠤᠭᠤᠴᠠᠭᠠᠨ ᠤ ᠴᠥᠬᠡᠨ ᠲᠤᠭᠠᠲᠤ ᠦᠨᠳᠤᠰᠤᠲᠠᠨ ᠤ ᠤᠯᠠᠮᠵᠢᠯᠠᠯᠲᠤ ᠲᠠᠮᠢᠷ ᠤᠨ ᠴᠢᠭᠤᠯᠭᠠᠨ ᠤ ᠰᠦᠯᠳᠠ ᠪᠤᠯᠤᠨ ᠦᠯᠵᠡᠶᠢᠲᠤ ᠠᠮᠢᠲᠠᠨ ᠢ ᠲᠤᠭᠳᠠᠵᠡᠢ᠃

    ᠴᠢᠭᠤᠯᠭᠠᠨ ᠤ ᠰᠦᠯᠳᠠ 《ᠲᠡᠭᠦᠯᠢᠯᠲᠠ》 ᠨᠢ ᠳᠤᠮᠳᠠᠳᠤ ᠤᠯᠤᠰ ᠤᠨ ᠤᠯᠠᠮᠵᠢᠯᠠᠯᠲᠤ ᠤᠷᠠᠨ ᠪᠢᠴᠢᠯᠬᠡ ᠶᠢᠨ ᠬᠡᠯᠪᠡᠷᠢ ᠪᠡᠷ ᠠᠷᠠᠪ ᠲᠤᠭ᠎ᠠ ᠶᠢᠨ 《9》ᠪᠤᠯᠤᠨ ᠲᠠᠭᠦᠯᠢᠨ ᠨᠢᠰᠴᠤ ᠪᠠᠶᠢᠭ᠎ᠠ ᠬᠤᠨ ᠭᠠᠯᠠᠭᠤ ᠶᠢᠨ ᠬᠡᠯᠪᠡᠷᠢ ᠳᠦᠷᠰᠦ ᠶᠢ ᠬᠠᠮᠳᠤᠳᠬᠠᠨ ᠰᠦᠯᠳᠠ ᠶᠢᠨ ᠬᠡᠯᠪᠡᠷᠢ ᠶᠢᠨ ᠰᠠᠭᠤᠷᠢ ᠪᠤᠯᠭᠠᠵᠤ᠂ ᠪᠦᠬᠦᠶᠢᠯᠠ ᠦᠩᠬᠡ ᠨᠢ 《ᠤᠯᠠᠭᠠᠨ》(ᠨᠠᠷᠠ᠂ ᠭᠠᠯ)᠂ 《ᠬᠦᠬᠡ》(ᠤᠬᠲᠠᠷᠭᠤᠢ)᠂ 《ᠨᠤᠭᠤᠭᠠᠨ》(ᠲᠠᠯ᠎ᠠ ᠨᠤᠲᠤᠭ)᠂ 《ᠬᠦᠬᠡᠮᠳᠦᠭ》(ᠨᠠᠭᠤᠷ) ᠦᠩᠬᠡ ᠪᠡᠷ ᠪᠦᠷᠢᠯᠳᠤᠵᠤ᠂ ᠬᠦᠯᠦᠨ ᠪᠤᠶᠢᠷ ᠤᠨ ᠬᠦᠬᠡ ᠤᠬᠲᠠᠷᠭᠤᠢ᠂ ᠬᠦᠬᠡᠮᠳᠦᠭ ᠤᠰᠤ᠂ ᠨᠤᠭᠤᠭᠠᠨ ᠲᠠᠯ᠎ᠠ ᠲᠠᠢ ᠦᠵᠡᠰᠭᠦᠯᠡᠩᠲᠤ ᠰᠠᠶᠢᠬᠠᠨ ᠠᠮᠢ ᠠᠬᠤᠢ ᠶᠢ ᠬᠠᠷᠠᠭᠤᠯᠵᠡᠢ᠃ ᠡᠬᠦᠨ ᠤ ᠬᠠᠮᠲᠤ᠂ ᠬᠤᠨ ᠭᠠᠯᠠᠭᠤ ᠶᠢᠨ ᠬᠦᠵᠦᠭᠦᠦ ᠪᠠ ᠵᠢᠭᠦᠷ ᠢᠶᠡᠨ ᠳᠡᠯᠬᠡᠨ ᠲᠡᠬᠦᠯᠢᠨ ᠨᠢᠰᠴᠤ ᠪᠠᠶᠢᠭ᠎ᠠ ᠨᠢ ᠬᠤᠶᠠᠷ ᠭᠠᠷ ᠢᠶᠡᠷ ᠢᠶᠡᠨ ᠨᠠᠷᠠ ᠶᠢ ᠡᠷᠭᠦᠵᠤ ᠪᠠᠶᠢᠭ᠎ᠠ ᠮᠡᠲᠤ᠂ ᠡᠯ᠎ᠠ ᠦᠨᠳᠤᠰᠤᠲᠠᠨ ᠤ 《 ᠬᠠᠮᠲᠤᠪᠡᠷ ᠪᠦᠯᠬᠦᠮᠳᠡᠨ ᠲᠡᠮᠡᠴᠡᠵᠤ᠂ ᠬᠠᠮᠲᠤᠪᠡᠷ ᠴᠡᠴᠡᠭᠯᠡᠨ ᠬᠦᠭ᠍ᠵᠢᠬᠦ》ᠤᠳᠬ᠎ᠠ ᠰᠠᠨᠠᠭ᠎ᠠ ᠶᠢ ᠤᠬᠠᠭᠤᠯᠪᠠ᠃ ᠦᠯᠵᠡᠶᠢᠲᠤ ᠠᠮᠢᠲᠠᠨ 《ᠬᠦᠯᠦᠨ》ᠬᠡᠮᠡᠭᠳᠡᠭᠰᠡᠨ ᠠᠵᠢᠨᠠᠢ ᠬᠦᠯᠦᠭ ᠨᠢ ᠡᠬᠡ ᠭᠠᠵᠠᠷ ᠪᠤᠯᠤᠨ ᠲᠠᠯ᠎ᠠ ᠨᠤᠲᠤᠭ ᠢ ᠪᠡᠯᠭᠡᠳᠡᠨ ᠬᠠᠮᠳᠤᠪᠡᠷ ᠪᠦᠯᠬᠦᠮᠳᠡᠨ ᠳᠡᠪᠰᠢᠬᠤ ᠤᠳᠬ᠎ᠠ ᠰᠠᠨᠠᠭ᠎ᠠ ᠶᠢ ᠪᠠᠭᠲᠠᠭᠠᠵᠤ᠂ ᠦᠯᠵᠡᠶᠢᠲᠤ ᠠᠮᠢᠲᠠᠨ 《ᠪᠤᠶᠢᠷ》ᠬᠡᠮᠡᠬᠦ ᠬᠤᠨ ᠭᠠᠯᠠᠭᠤ ᠨᠢ ᠬᠦᠬᠡ ᠲᠡᠭᠷᠢ ᠪᠤᠯᠤᠨ ᠤᠰᠤ ᠨᠠᠭᠤᠷ ᠢ ᠪᠡᠯᠭᠡᠳᠡᠨ ᠬᠠᠮᠲᠤᠪᠡᠷ ᠴᠡᠴᠡᠭᠯᠡᠨ ᠬᠦᠭ᠍ᠵᠢᠬᠦ ᠰᠠᠨᠠᠭ᠎ᠠ ᠶᠢ ᠪᠠᠭᠲᠠᠭᠠᠵᠡᠢ᠃

    ᠤᠶᠢᠯᠠᠭᠠᠭᠰᠠᠨ ᠢᠶᠡᠷ᠂ ᠥᠪᠦᠷ ᠮᠣᠩᠭ᠋ᠤᠯ ᠤᠨ ᠦᠨᠳᠤᠰᠤᠲᠠᠨ ᠤ ᠬᠡᠷᠡᠭ ᠡᠷᠬᠢᠯᠡᠬᠦ ᠵᠦᠪᠯᠡᠯ᠂ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠪᠡᠶ᠎ᠠ ᠶᠢᠨ ᠲᠠᠮᠢᠷ ᠤᠨ ᠲᠤᠪᠴᠢᠶ᠎ᠠ ᠡᠴᠡ ᠰᠠᠨᠠᠭᠠᠴᠢᠯᠠᠵᠤ᠂ ᠬᠦᠯᠦᠨ ᠪᠤᠶᠢᠷ ᠬᠤᠲᠠ ᠶᠢᠨ ᠵᠠᠰᠠᠭ ᠤᠨ ᠤᠷᠳᠤᠨ ᠡᠴᠡ ᠵᠣᠬᠢᠶᠠᠨ ᠪᠠᠶᠢᠭᠤᠯᠵᠤ ᠡᠷᠬᠢᠯᠡᠬᠦ ᠪᠡᠷ ᠪᠠᠶᠢᠭ᠎ᠠ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠶᠢᠰᠤᠳᠦᠬᠡᠷ ᠬᠤᠭᠤᠴᠠᠭᠠᠨ ᠤ ᠴᠥᠬᠡᠨ ᠲᠤᠭᠠᠲᠤ ᠦᠨᠳᠤᠰᠤᠲᠠᠨ ᠤ ᠤᠯᠠᠮᠵᠢᠯᠠᠯᠲᠤ ᠲᠠᠮᠢᠷ ᠤᠨ ᠴᠢᠭᠤᠯᠭᠠᠨ ᠨᠢ ᠡᠨᠨ ᠵᠢᠯ ᠤᠨ 7 ᠳ᠋ᠤᠭᠠᠷ ᠰᠠᠷ᠎ᠠ ᠳᠤ ᠬᠦᠯᠦᠨ ᠪᠤᠶᠢᠷ ᠬᠤᠲᠠ ᠳᠤ ᠦᠪᠡᠳᠡᠭᠰᠢ ᠶᠡᠬᠡᠪᠡᠷ ᠶᠠᠪᠤᠭᠳᠠᠬᠤ ᠪᠤᠯᠤᠨ᠎ᠠ᠃

ᠢᠷᠡᠯᠳᠡ᠄ ᠥᠪᠦᠷ ᠮᠣᠩᠭ᠋ᠤᠯ ᠤᠨ ᠡᠳᠦᠷ ᠤᠨ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120789537