蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ᠄ ᠠᠩᠬᠠᠲᠤᠭᠠᠷ ᠬᠤᠭᠤᠴᠠᠭᠠᠨ ᠤ 《 ᠪᠢᠴᠢᠭ᠌ ᠤᠨ ᠰᠤᠷᠪᠤᠯᠵᠢᠲᠤ ᠭᠡᠷ ᠪᠦᠯᠢ》 ᠶᠢ ᠰᠤᠩᠭ᠋ᠤᠨ ᠰᠢᠯᠭᠠᠷᠠᠭᠤᠯᠵᠤ ᠱᠠᠩᠨᠠᠨ ᠬᠦᠬᠢᠬᠦᠯᠪᠡ

2017-04-23 11:43

    ᠰᠢᠨᠬᠤᠸᠠ ᠮᠤᠩᠭ᠋ᠤᠯ ᠨᠸᠲ   ᠬᠦᠬᠡᠬᠤᠲᠠ ᠶᠢᠨ 4 ᠰᠠᠷ᠎ᠠ ᠶᠢᠨ 23 ᠤ ᠡᠲᠦᠷ ᠤᠨ ᠴᠠᠬᠢᠯᠭᠠᠨ ᠮᠡᠲᠡᠭᠡ (ᠦᠵᠡᠰᠭᠦᠯᠡᠩ ) ᠪᠦᠬᠦ ᠢᠷᠭᠡᠳ ᠤᠨ ᠨᠤᠮ ᠤᠩᠰᠢᠯᠭ᠎ᠠ ᠶᠢᠨ ᠬᠠᠯᠠᠭᠤᠨ ᠦᠷᠨᠢᠯᠲᠠ ᠶᠢ ᠪᠤᠢ ᠪᠤᠯᠭᠠᠬᠤ᠂ ᠨᠠᠢᠢᠲᠠ ᠶᠢᠨ ᠠᠰᠠᠷᠠᠮᠵᠢ ᠶᠢᠨ ᠴᠢᠨᠠᠷᠲᠠᠢ ᠰᠤᠶᠤᠯ ᠤᠨ ᠦᠢᠯᠡᠴᠢᠯᠡᠭᠡᠨ ᠤ ᠲᠠᠪᠴᠠᠩ ᠢ ᠪᠠᠢᠢᠭᠤᠯᠬᠤ᠂ ᠦᠪᠦᠷ ᠮᠤᠩᠭ᠋ᠤᠯ ᠤᠨ ᠰᠤᠶᠤᠯ ᠤᠨ ᠬᠦᠴᠦᠨ ᠢ ᠲᠡᠭᠡᠭ᠍ᠰᠢᠯᠡᠬᠦᠯᠬᠦ᠂ ᠨᠤᠮ ᠡᠷᠳᠡᠨᠢ ᠦᠪᠦᠷ ᠮᠤᠩᠭ᠋ᠤᠯ ᠪᠤᠯᠭᠠᠬᠤ ᠵᠤᠷᠢᠯᠭ᠎ᠠ ᠪᠡᠷ 4 ᠰᠠᠷ᠎ᠠ ᠶᠢᠨ 23 ᠤ ᠡᠲᠦᠷ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠨᠤᠮ ᠤᠨ ᠰᠠᠩ ᠤᠨ ᠨᠡᠢᠢᠭᠡᠮᠯᠢᠭ᠌᠂ ᠦᠪᠦᠷ ᠮᠤᠩᠭ᠋ᠤᠯ ᠤᠨ ᠨᠤᠮ ᠤᠨ ᠰᠠᠩ ᠡᠴᠡ ᠠᠩᠬᠠᠲᠤᠭᠠᠷ ᠬᠤᠭᠤᠴᠠᠭᠠᠨ ᠤ 《ᠨᠤᠮ ᠤᠨ ᠱᠠᠲᠤ - ᠤᠩᠰᠢᠯᠭ᠎ᠠ ᠶᠢᠨ ᠬᠡᠪ ᠰᠤᠷᠲᠠᠯ ᠢ ᠲᠠᠢᠢᠴᠢᠯᠠᠵᠤ᠂ ᠤᠩᠰᠢᠯᠭ᠎ᠠ ᠶᠢᠨ ᠤᠷᠮ᠎ᠠ ᠵᠤᠷᠢᠭ ᠢ ᠬᠦᠭ᠍ᠵᠢᠭᠡᠬᠦ》 ᠪᠢᠴᠢᠭ᠌ ᠤᠨ ᠰᠤᠷᠪᠤᠯᠵᠢᠲᠤ ᠭᠡᠷ ᠪᠦᠯᠢ ᠶᠢ ᠰᠤᠩᠭ᠋ᠤᠨ ᠰᠢᠯᠭᠠᠷᠠᠭᠤᠯᠤᠨ ᠱᠠᠩᠨᠠᠯ ᠤᠯᠭᠤᠬᠤ ᠶᠤᠰᠤᠯᠠᠯ ᠶᠠᠪᠤᠭᠲᠠᠭᠤᠯᠪᠠ᠃

    ᠰᠤᠩᠭ᠋ᠤᠨ ᠰᠢᠯᠭᠠᠷᠠᠭᠤᠯᠤᠯᠲᠠ ᠶᠢᠨ ᠠᠵᠢᠯᠯᠠᠭ᠎ᠠ ᠪᠡᠷ ᠦᠪᠦᠷ ᠮᠤᠩᠭ᠋ᠤᠯ ᠤᠨ 12 ᠠᠢᠢᠮᠠᠭ ᠬᠤᠲᠠ ᠵᠢᠴᠢ ᠬᠤᠰᠢᠭᠤ ᠰᠢᠶᠠᠨ ᠡᠴᠡ ᠲᠡᠪᠰᠢᠬᠦᠯᠦᠭᠰᠡᠨ 92《 ᠪᠢᠴᠢᠭ᠌ ᠤᠨ ᠰᠤᠷᠪᠤᠯᠵᠢᠲᠤ ᠭᠡᠷ ᠪᠦᠯᠢ》 ᠶᠢᠨ ᠦᠯᠢᠭᠡᠷ ᠵᠢᠱᠢᠶᠡᠨ ᠡᠴᠡ ᠤᠯᠠᠭᠠᠨᠬᠠᠲᠠ ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠤ ᠴᠠᠭᠠᠨᠮᠦ᠋ᠷᠡᠨ ᠰᠤᠮᠤ ᠶᠢᠨ ᠮᠤᠲᠤᠨ ᠲᠤᠮᠲᠠ ᠭᠠᠴᠠᠭ᠎ᠠ ᠶᠢᠨ 《ᠵᠤᠯᠠᠴᠢᠨ ᠨᠤᠮ ᠤᠨ ᠦᠷᠦᠭᠡ》 ᠶᠢᠨ ᠮᠠᠯᠴᠢᠨ ᠮᠦᠷᠡᠨ ᠤ ᠬᠢᠨ᠂ ᠠᠯᠠᠱᠠ ᠠᠢᠢᠮᠠᠭ ᠤᠨ ᠠᠯᠠᠱᠠ ᠪᠠᠷᠠᠭᠤᠨ ᠬᠤᠰᠢᠭᠤᠨ ᠤ ᠪᠠᠲᠠᠢ ᠶᠢᠨ ᠵᠢᠷᠠᠨ ᠪᠠᠯᠭᠠᠰᠤ ᠶᠢᠨ ᠨᠠᠰᠤᠨᠪᠠᠲᠤ ᠶᠢᠨ ᠬᠢᠨ᠂ ᠪᠤᠭᠤᠲᠤ ᠬᠤᠲᠠ ᠶᠢᠨ ᠲᠠᠷᠬᠠᠨ ᠮᠤᠤᠮᠢᠩᠭ᠋ᠠᠨ ᠬᠤᠯᠪᠤᠭᠠᠲᠤ ᠬᠤᠰᠢᠭᠤ ᠶᠢᠨ ᠸᠠᠩ ᠪᠠᠶᠠᠰᠬᠤᠯᠠᠩ ᠤᠨ ᠬᠢᠨ᠂ ᠰᠢᠯᠢ ᠶᠢᠨ ᠭᠤᠤᠯ ᠠᠢᠢᠮᠠᠭ ᠤᠨ ᠵᠡᠬᠦᠨ ᠦᠵᠤᠮᠦᠴᠢᠨ ᠬᠤᠰᠢᠭᠤᠨ ᠤ ᠤᠯᠢᠶᠠᠰᠤᠲᠠᠢ ᠪᠠᠯᠭᠠᠰᠤ ᠶᠢᠨ ᠡᠷᠬᠢᠮᠪᠡᠲᠦ ᠶᠢᠨ ᠬᠢᠨ᠂ ᠲᠦᠩᠯᠢᠶᠤᠤ ᠬᠤᠲᠠ ᠶᠢᠨ ᠬᠤᠷᠴᠢᠨ ᠵᠡᠬᠦᠨ ᠭᠠᠷᠤᠨ ᠲᠤᠮᠲᠠᠲᠤ ᠬᠤᠰᠢᠭᠤᠨ ᠤ ᠪᠠᠶᠠᠨᠲᠠᠯ᠎ᠠ ᠪᠠᠯᠭᠠᠰᠤ ᠶᠢᠨ ᠪᠤᠭᠤᠷᠤᠯᠲᠠᠢ ᠭᠠᠴᠠᠭ᠎ᠠ ᠶᠢᠨ《 ᠠᠨᠲᠠ ᠨᠤᠮ ᠤᠨ ᠦᠷᠦᠭᠡ》 ᠶᠢᠨ ᠬᠠᠨ ᠵᠢᠷᠦᠮᠲᠦ ᠶᠢᠨ ᠬᠢᠨ᠂ ᠠᠯᠠᠱᠠ ᠠᠢᠢᠮᠠᠭ ᠤᠨ ᠠᠯᠠᠱᠠ ᠵᠡᠬᠦᠨ ᠬᠤᠰᠢᠭᠤᠨ ᠤ ᠤᠯᠠᠨᠪᠤᠯᠠᠭ ᠪᠠᠯᠭᠠᠰᠤ ᠶᠢᠨ ᠲᠦᠬᠦᠮ ᠭᠠᠴᠠᠭ᠎ᠠ ᠶᠢᠨ ᠪᠦᠷᠢᠨᠲᠡᠭᠦᠰ ᠤᠨ ᠬᠢᠨ ᠵᠡᠷᠭᠡ 62 ᠪᠢᠴᠢᠭ᠌ ᠤᠨ ᠰᠤᠷᠪᠤᠯᠵᠢᠲᠤ ᠭᠡᠷ ᠪᠦᠯᠢ ᠶᠢ ᠱᠠᠩᠨᠠᠨ ᠬᠦᠬᠢᠬᠦᠯᠪᠡ᠃

    

    

    ᠬᠠᠮᠢᠶ᠎ᠠ ᠲᠠᠢ ᠮᠡᠲᠡᠭᠡᠯᠡᠯ᠄

    1972 ᠤᠨ ᠳ᠋ᠤ ᠨᠢᠭᠡᠲᠦᠭᠰᠡᠨ ᠦᠨᠳᠦᠰᠦᠨ ᠤ ᠪᠠᠢᠢᠭᠤᠯᠤᠯᠭ᠎ᠠ ᠶᠢᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠲᠸᠭ᠍ᠨᠤᠯᠤᠬᠢ ᠰᠤᠶᠤᠯ ᠤᠨ ᠵᠤᠬᠢᠶᠠᠨ ᠪᠠᠢᠢᠭᠤᠯᠤᠯᠲᠠ ᠡᠴᠡ ᠪᠦᠬᠦ ᠲᠡᠯᠡᠬᠡᠢ ᠶᠢᠨ ᠢᠷᠭᠡᠳ ᠲᠤ ᠨᠤᠮ ᠤᠩᠰᠢᠬᠤ ᠶᠢ ᠤᠷᠢᠶᠠᠯᠠᠨ᠂ ᠨᠤᠮ ᠤᠩᠰᠢᠬᠤ ᠶᠢ ᠬᠦᠮᠦᠰ ᠤᠨ ᠠᠮᠢᠲᠤᠷᠠᠯ ᠲᠤᠮᠲᠠᠬᠢ ᠲᠤᠲᠠᠭᠲᠠᠵᠤ ᠪᠤᠯᠤᠰᠢ ᠦᠭᠡᠢ ᠨᠢᠭᠡᠨ ᠬᠡᠰᠡᠭ ᠪᠤᠯᠭᠠᠬᠤ ᠶᠢ ᠵᠤᠷᠢᠵᠠᠢ᠃

    1995 ᠤᠨ ᠳ᠋ᠤ ᠤᠯᠠᠨ ᠤᠯᠤᠰ ᠤᠨ ᠬᠡᠪᠯᠡᠯ ᠤᠨ ᠠᠷᠠᠯᠵᠢᠶᠠᠨ ᠤ ᠨᠡᠢᠢᠭᠡᠮᠯᠢᠭ᠌ ᠤᠨ ᠬᠤᠷᠢᠨ ᠲᠠᠪᠤᠲᠤᠭᠠᠷ ᠬᠤᠭᠤᠴᠠᠭᠠᠨ ᠤ ᠪᠦᠬᠦ ᠲᠡᠯᠡᠬᠡᠢ ᠶᠢᠨ ᠬᠤᠷᠠᠯ ᠡᠴᠡ 《ᠲᠡᠯᠡᠬᠡᠢ ᠶᠢᠨ ᠨᠤᠮ ᠤᠩᠰᠢᠬᠤ ᠡᠲᠦᠷ》 ᠢ ᠰᠠᠨᠠᠭᠠᠴᠢᠯᠠᠵᠤ᠂ ᠢᠰᠫᠠᠨᠢ ᠶᠢᠨ ᠵᠠᠰᠠᠭ ᠤᠨ ᠭᠠᠵᠠᠷ ᠡᠴᠡ ᠡᠨᠡᠬᠦ ᠲᠤᠷᠠᠲᠤᠯᠭ᠎ᠠ ᠪᠠᠨ ᠨᠢᠭᠡᠲᠦᠭᠰᠡᠨ ᠦᠨᠳᠦᠰᠦᠨ ᠤ ᠪᠠᠢᠢᠭᠤᠯᠤᠯᠭ᠎ᠠ ᠶᠢᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠲᠸᠭ᠍ᠨᠤᠯᠤᠬᠢ ᠰᠤᠶᠤᠯ ᠤᠨ ᠵᠤᠬᠢᠶᠠᠨ ᠪᠠᠢᠢᠭᠤᠯᠤᠯᠲᠠ ᠳ᠋ᠤ ᠲᠡᠪᠰᠢᠬᠦᠯᠪᠡ᠃ ᠮᠦᠨ ᠤᠨ ᠳ᠋ᠤ ᠨᠢᠭᠡᠲᠦᠭᠰᠡᠨ ᠦᠨᠳᠦᠰᠦᠨ ᠤ ᠪᠠᠢᠢᠭᠤᠯᠤᠯᠭ᠎ᠠ ᠶᠢᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠲᠸᠭ᠍ᠨᠤᠯᠤᠬᠢ ᠰᠤᠶᠤᠯ ᠤᠨ ᠵᠤᠬᠢᠶᠠᠨ ᠪᠠᠢᠢᠭᠤᠯᠤᠯᠲᠠ ᠡᠴᠡ ᠵᠢᠯ ᠪᠦᠷᠢ ᠶᠢᠨ 4 ᠰᠠᠷ᠎᠎ᠠ ᠶᠢᠨ 23 ᠤ ᠡᠲᠦᠷ ᠢ《 ᠲᠡᠯᠡᠬᠡᠢ ᠶᠢᠨ ᠨᠤᠮ ᠤᠩᠰᠢᠬᠤ ᠡᠲᠦᠷ》 ᠪᠤᠯᠭᠠᠪᠠ᠃

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120791120858308