蒙古文网站Logo
ᠰᠢᠨᠬᠤᠸᠠ ᠮᠤᠩᠭ᠋ᠤᠯ ᠨᠧᠲ

ᠢᠷᠡᠬᠦ ᠭᠤᠷᠪᠠᠨ ᠬᠤᠨᠤᠭ ᠲᠤ ᠦᠪᠦᠷ ᠮᠤᠩᠭ᠋ᠤᠯ ᠤᠨ ᠠᠭᠠᠷ ᠤᠨ ᠲᠤᠯᠠᠭᠠᠨ ᠪᠠᠭᠤᠷᠠᠵᠤ ᠪᠤᠷᠤᠭᠠᠨ ᠤᠷᠤᠨ᠎ᠠ

2017-05-01 21:16

    ᠰᠢᠨᠬᠤᠸᠠ ᠮᠤᠩᠭ᠋ᠤᠯ ᠨᠧᠲ   ᠬᠦᠬᠡᠬᠤᠲᠠ ᠶᠢᠨ 5 ᠰᠠᠷ᠎ᠠ ᠶᠢᠨ 1 ᠤ ᠡᠲᠦᠷ ᠤᠨ ᠴᠠᠬᠢᠯᠭᠠᠨ ᠮᠡᠲᠡᠭᠡ ( ᠬ•ᠦᠵᠡᠰᠭᠦᠯᠡᠩ ) ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠴᠠᠭ ᠠᠭᠤᠷ ᠤᠨ ᠬᠤᠷᠢᠶᠠᠨ ᠡᠴᠡ ᠦᠨᠦᠲᠦᠷ ᠤᠨ 17᠄ 00 ᠴᠠᠭ ᠲᠤ ᠤᠷᠢᠳᠴᠢᠯᠠᠨ ᠲᠤᠭᠠᠴᠠᠭᠠᠯᠠᠭᠰᠠᠨ ᠢᠶᠡᠷ᠂ ᠢᠷᠡᠬᠦ ᠭᠤᠷᠪᠠᠨ ᠬᠤᠨᠤᠭ  ᠲᠤ ᠦᠪᠦᠷ ᠮᠤᠩᠭ᠋ᠤᠯ ᠤᠨ ᠶᠡᠬᠡᠩᠬᠢ ᠪᠦᠰᠡ ᠨᠤᠲᠤᠭ ᠲᠤ ᠪᠤᠷᠤᠭᠠᠨ ᠤᠷᠤᠵᠤ᠂ ᠠᠭᠠᠷ ᠤᠨ ᠲᠤᠯᠠᠭᠠᠨ ᠲᠤᠷᠤᠭᠰᠢᠯᠠᠬᠤ ᠪᠤᠯᠤᠨ᠎ᠠ᠃ ᠪᠤᠲᠠᠲᠠᠢ ᠴᠠᠭ ᠠᠭᠠᠷ ᠤᠨ ᠪᠠᠢᠢᠲᠠᠯ ᠲᠤᠤᠷᠠᠬᠢ ᠮᠡᠲᠦ᠄

    5 ᠰᠠᠷ᠎ᠠ ᠶᠢᠨ 1 ᠤ ᠡᠲᠦᠷ ᠡᠴᠡ 2 ᠤᠨ ᠡᠲᠦᠷ ᠪᠤᠯᠲᠠᠯ᠎ᠠ᠂ ᠦᠪᠦᠷ ᠮᠤᠩᠭ᠋ᠤᠯ ᠤᠨ ᠠᠯᠠᠱᠠ ᠶᠢᠨ ᠡᠮᠦᠨ᠎ᠡ ᠪᠦᠰᠡ᠂ ᠪᠠᠶᠠᠨᠨᠠᠭᠤᠷ ᠤᠨ ᠲᠤᠮᠲᠠ ᠵᠡᠬᠦᠨ ᠪᠦᠰᠡ᠂ ᠦᠬᠠᠢ᠂ ᠤᠷᠲᠤᠰ᠂ ᠪᠤᠭᠤᠲᠤ᠂ ᠬᠦᠬᠡᠬᠤᠲᠠ ᠶᠢᠨ ᠶᠡᠬᠡᠩᠬᠢ ᠪᠦᠰᠡ᠂ ᠤᠯᠠᠭᠠᠨᠴᠠᠪ ᠤᠨ ᠪᠠᠷᠠᠭᠤᠨ ᠪᠦᠰᠡ ᠪᠡᠷ ᠡᠭᠦᠯᠡ ᠲᠠᠢ᠂ ᠪᠠᠭ᠎ᠠ ᠪᠤᠷᠤᠭᠠᠨ ᠤᠷᠤᠨ᠎ᠠ᠂ ᠡᠭᠦᠨ ᠳ᠋ᠤ ᠪᠤᠭᠤᠲᠤ ᠶᠢᠨ ᠪᠠᠷᠠᠭᠤᠨ ᠪᠦᠰᠡ ᠳ᠋ᠤ ᠲᠤᠮᠲᠠ ᠵᠡᠷᠭᠡ ᠶᠢᠨ ᠪᠤᠷᠤᠭᠠᠨ ᠤᠷᠤᠨ᠎ᠠ᠂ ᠪᠤᠰᠤᠳ ᠭᠠᠵᠠᠷ ᠲᠤᠩᠭ᠋ᠠᠯᠠᠭᠰᠢᠨ᠎ᠡ᠃ ᠪᠠᠷᠠᠭᠤᠨ ᠪᠦᠰᠡ ᠳ᠋ᠤ ᠪᠠᠷᠠᠭᠤᠨ ᠡᠴᠡ 4 - 5 ᠲᠡᠰ ᠶᠢᠡᠷ ᠰᠠᠯᠬᠢᠯᠠᠵᠤ ᠪᠠᠢᠢᠭᠰᠠᠨ ᠶᠢᠡᠨ ᠲᠦᠷ ᠵᠠᠭᠤᠷ᠎ᠠ 6 ᠲᠡᠰ ᠲᠤ ᠬᠦᠷᠴᠦ᠂ ᠡᠯᠡᠰᠦᠨ ᠰᠢᠭᠤᠷᠭ᠎ᠠ ᠲᠡᠭᠲᠡᠨ᠎ᠡ᠂ ᠲᠤᠮᠲᠠ ᠵᠡᠬᠦᠨ ᠪᠦᠰᠡ ᠳ᠋ᠤ ᠪᠠᠷᠠᠭᠤᠨ ᠡᠮᠦᠨ᠎ᠡ ᠡᠴᠡ 4 – 5 ᠲᠡᠰ ᠢᠶᠡᠷ ᠰᠠᠯᠬᠢᠯᠠᠵᠤ ᠪᠠᠢᠢᠭᠰᠠᠨ ᠢᠶᠡᠨ 6 ᠲᠡᠰ ᠲᠤ ᠬᠦᠷᠦᠨ᠎ᠡ᠃

    5 ᠰᠠᠷ᠎ᠠ ᠶᠢᠨ 2 ᠤᠨ ᠡᠲᠦᠷ ᠡᠴᠡ 3 ᠤ ᠡᠲᠦᠷ ᠪᠤᠯᠲᠠᠯ᠎ᠠ᠂ ᠦᠪᠦᠷ ᠮᠤᠩᠭ᠋ᠤᠯ ᠤᠨ ᠪᠠᠶᠠᠨᠨᠠᠭᠤᠷ ᠤᠨ ᠵᠡᠬᠦᠨ ᠡᠮᠦᠨ᠎ᠡ ᠪᠦᠰᠡ᠂ ᠤᠷᠲᠤᠰ ᠤᠨ ᠶᠡᠬᠡᠩᠬᠢ ᠪᠦᠰᠡ᠂ ᠪᠤᠭᠤᠲᠤ᠂ ᠬᠦᠬᠡᠬᠤᠲᠠ᠂ ᠤᠯᠠᠭᠠᠨᠴᠠᠪ᠂ ᠰᠢᠯᠢ ᠶᠢᠨ ᠭᠤᠤᠯ ᠤᠨ ᠲᠤᠮᠲᠠ ᠪᠠᠷᠠᠭᠤᠨ ᠪᠦᠰᠡ᠂ ᠤᠯᠠᠭᠠᠨᠬᠠᠲᠠ ᠶᠢᠨ ᠡᠮᠦᠨ᠎ᠡ ᠪᠠᠷᠠᠭᠤᠨ ᠪᠦᠰᠡ᠂ ᠬᠦᠯᠦᠨ ᠪᠤᠢᠢᠷ ᠤᠨ ᠬᠤᠢᠢᠲᠤ ᠪᠦᠰᠡ ᠳ᠋ᠤ ᠡᠭᠦᠯᠡ ᠲᠠᠢ᠂ ᠪᠠᠭ᠎ᠠ ᠪᠤᠷᠤᠭᠠᠨ ᠤᠷᠤᠨ᠎ᠠ᠂ ᠡᠭᠦᠨ ᠳ᠋ᠤ ᠤᠷᠲᠤᠰ ᠤᠨ ᠵᠡᠬᠦᠨ ᠬᠤᠢᠢᠲᠤ ᠪᠦᠰᠡ᠂ ᠬᠦᠬᠡᠬᠤᠲᠠ ᠶᠢᠨ ᠲᠤᠮᠲᠠ ᠪᠦᠰᠡ ᠳ᠋ᠤ ᠲᠤᠮᠲᠠ ᠵᠡᠷᠭᠡ ᠶᠢᠨ ᠪᠤᠷᠤᠭᠠᠨ ᠤᠷᠤᠨ᠎ᠠ᠂ ᠪᠤᠰᠤᠳ ᠭᠠᠵᠠᠷ ᠲᠤ ᠡᠭᠦᠯᠡᠰᠢᠨ᠎ᠡ᠃ ᠪᠠᠷᠠᠭᠤᠨ ᠪᠦᠰᠡ ᠶᠢᠨ ᠬᠤᠶᠢᠭᠤᠷ ᠪᠠᠷᠠᠭᠤᠨ ᠡᠴᠡ 4 – 5 ᠲᠡᠰ ᠢᠶᠡᠷ ᠰᠠᠯᠬᠢᠯᠠᠵᠤ ᠪᠠᠶᠢᠭᠰᠠᠨ ᠢᠶᠡᠨ ᠲᠦᠷ ᠵᠠᠭᠤᠷ᠎ᠠ 6 ᠲᠡᠰ ᠲᠤ ᠬᠦᠷᠴᠦ᠂ ᠡᠯᠡᠰᠦᠨ ᠰᠢᠭᠤᠷᠭ᠎ᠠ ᠲᠡᠭᠲᠡᠨ᠎ᠡ᠂ ᠵᠡᠬᠦᠨ ᠪᠦᠰᠡ ᠳ᠋ᠤ ᠪᠠᠷᠠᠭᠤᠨ ᠡᠮᠦᠨ᠎ᠡ ᠡᠴᠡ 4 – 5 ᠲᠡᠰ ᠢᠶᠡᠷ ᠰᠠᠯᠬᠢᠯᠠᠵᠤ ᠪᠠᠶᠢᠭᠰᠠᠨ ᠢᠶᠡᠨ ᠲᠦᠷ ᠵᠠᠭᠤᠷ᠎ᠠ 6 ᠲᠡᠰ ᠲᠤ ᠬᠦᠷᠦᠨ᠎ᠡ᠃ ᠪᠠᠷᠠᠭᠤᠨ ᠪᠦᠰᠡ ᠶᠢᠨ ᠠᠭᠠᠷ ᠤᠨ ᠲᠤᠯᠠᠭᠠᠨ 6 ᠭ᠍ᠷᠠᠳᠦ᠋ᠰ ᠤᠷᠴᠢᠮ ᠪᠠᠭᠤᠷᠠᠨ᠎ᠠ᠃

    5 ᠰᠠᠷ᠎ᠠ ᠶᠢᠨ 3 ᠤ ᠡᠲᠦᠷ ᠡᠴᠡ 4 ᠤ ᠡᠲᠦᠷ ᠪᠤᠯᠲᠠᠯ᠎ᠠ᠂ ᠦᠪᠦᠷ ᠮᠤᠩᠭ᠋ᠤᠯ ᠤᠨ ᠵᠡᠬᠦᠨ ᠪᠦᠰᠡ ᠳ᠋ᠤ ᠡᠭᠦᠯᠡ ᠲᠠᠢ᠂ ᠤᠯᠠᠭᠠᠨᠬᠠᠲᠠ ᠶᠢᠨ ᠡᠮᠦᠨ᠎ᠡ ᠪᠦᠰᠡ᠂ ᠬᠦᠯᠦᠨ ᠪᠤᠢᠢᠷ ᠤᠨ ᠬᠤᠢᠢᠲᠤ ᠪᠦᠰᠡ ᠳ᠋ᠤ ᠪᠠᠭ᠎ᠠ ᠪᠤᠷᠤᠭᠠᠨ ᠤᠷᠤᠨ᠎ᠠ᠂ ᠪᠤᠰᠤᠳ ᠭᠠᠵᠠᠷ ᠲᠤ ᠡᠭᠦᠯᠡᠰᠢᠨ᠎ᠡ᠃ ᠪᠠᠷᠠᠭᠤᠨ ᠪᠦᠰᠡ ᠳ᠋ᠤ ᠪᠠᠷᠠᠭᠤᠨ ᠡᠴᠡ 4 – 5 ᠲᠡᠰ ᠢᠶᠡᠷ ᠰᠠᠯᠬᠢᠯᠠᠵᠤ ᠪᠠᠶᠢᠭᠰᠠᠨ ᠢᠶᠡᠨ ᠲᠦᠷ ᠵᠠᠭᠤᠷ᠎ᠠ 6 ᠲᠡᠰ ᠲᠤ ᠬᠦᠷᠦᠨ᠎ᠡ᠂ ᠲᠤᠮᠲᠠ ᠵᠡᠬᠦᠨ ᠬᠤᠢᠢᠲᠤ ᠪᠦᠰᠡ ᠳ᠋ᠤ ᠪᠠᠷᠠᠭᠤᠨ ᠡᠮᠦᠨ᠎ᠡ ᠡᠴᠡ 4 – 5 ᠲᠡᠰ ᠤᠨ ᠰᠠᠯᠬᠢ ᠲᠠᠢ᠃ ᠵᠡᠬᠦᠨ ᠪᠦᠰᠡ ᠶᠢᠨ ᠠᠭᠠᠷ ᠤᠨ ᠲᠤᠯᠠᠭᠠᠨ 6 – 8 ᠭ᠍ᠷᠠᠳᠦ᠋ᠰ ᠤᠷᠴᠢᠮ ᠪᠠᠭᠤᠷᠠᠨ᠎ᠠ᠃

    

ᠢᠷᠡᠯᠳᠡ᠄ ᠰᠢᠨᠬᠤᠸᠠ ᠮᠤᠩᠭ᠋ᠤᠯ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120701120901008