蒙古文网站Logo
ᠰᠢᠨᠬᠤᠸᠠ ᠮᠤᠩᠭ᠋ᠤᠯ ᠨᠧᠲ

ᠲᠦᠪ ᠤᠨ ᠴᠠᠭ ᠠᠭᠤᠷ ᠤᠨ ᠬᠤᠷᠢᠶᠠᠨ ᠡᠴᠡ ᠡᠯᠡᠰᠦᠨ ᠰᠢᠭᠤᠷᠭ᠎ᠠ ᠲᠡᠭᠲᠡᠬᠦ ᠬᠦᠬᠡ ᠦᠩᠭᠡ ᠶᠢᠨ ᠰᠡᠷᠡᠮᠵᠢ ᠶᠢᠨ ᠲᠤᠬᠢᠶ᠎ᠠ ᠨᠡᠶᠢᠲᠡᠯᠡᠪᠡ

2017-05-04 11:41

    ᠰᠢᠨᠬᠤᠸᠠ ᠮᠤᠩᠭ᠋᠋ᠤᠯ ᠨᠧᠲ   ᠬᠦᠬᠡᠬᠤᠲᠠ ᠶᠢᠨ 5 ᠰᠠᠷ᠎ᠠ ᠶᠢᠨ 4 ᠤ ᠡᠲᠦᠷ ᠤᠨ ᠴᠠᠬᠢᠯᠭᠠᠨ ᠮᠡᠲᠡᠭᠡ (ᠬ • ᠦᠵᠡᠰᠭᠦᠯᠡᠩ) 4 ᠤ ᠡᠲᠦᠷ ᠤᠨ 6᠄ 00 ᠴᠠᠭ ᠲᠤ ᠲᠦᠪ ᠤᠨ ᠴᠠᠭ ᠠᠭᠤᠷ ᠤᠨ ᠬᠤᠷᠢᠶ᠎ᠠ ᠡᠴᠡ ᠡᠯᠡᠰᠦᠨ ᠰᠢᠭᠤᠷᠭ᠎ᠠ ᠲᠡᠭᠲᠡᠬᠦ ᠬᠦᠬᠡ ᠦᠩᠭᠡ ᠶᠢᠨ ᠰᠡᠷᠡᠮᠵᠢ ᠶᠢᠨ ᠲᠤᠬᠢᠶ᠎ᠠ ᠨᠡᠶᠢᠲᠡᠯᠡᠪᠡ᠃

    ᠤᠷᠢᠳᠴᠢᠯᠠᠨ ᠲᠤᠭᠠᠴᠠᠭᠠᠯᠠᠭᠰᠠᠨ ᠢᠶᠡᠷ᠂ 5 ᠰᠠᠷ᠎ᠠ ᠶᠢᠨ 4 ᠤ ᠡᠲᠦᠷ ᠤᠨ 8᠄ 00 ᠴᠠᠭ ᠡᠴᠡ 5 ᠰᠠᠷ᠎ᠠ ᠶᠢᠨ 5 ᠤ ᠡᠲᠦᠷ ᠤᠨ 8᠄ 00 ᠴᠠᠭ ᠪᠤᠯᠲᠠᠯ᠎ᠠ᠂ ᠰᠢᠨᠵᠢᠶᠠᠩ ᠤᠨ ᠡᠮᠦᠨᠡᠲᠦ ᠰᠢᠨᠵᠢᠶᠠᠩ ᠤᠨ ᠬᠤᠲᠤᠭᠤᠷ᠂ ᠦᠪᠦᠷ ᠮᠤᠩᠭᠤᠯ ᠤᠨ ᠲᠤᠮᠲᠠ ᠪᠠᠷᠠᠭᠤᠨ ᠪᠦᠰᠡ᠂ ᠭᠠᠨᠰᠦ ᠶᠢᠨ ᠲᠤᠮᠲᠠ ᠪᠠᠷᠠᠭᠤᠨ ᠪᠦᠰᠡ᠂ ᠨᠢᠩᠰᠢᠶᠠ᠂ ᠱᠠᠨᠰᠢ ᠶᠢᠨ ᠬᠤᠶᠢᠲᠤ ᠪᠦᠰᠡ᠂ ᠱᠠᠨ ᠰᠢ ᠶᠢᠨ ᠲᠤᠮᠲᠠ ᠪᠠᠷᠠᠭᠤᠨ ᠪᠦᠰᠡ᠂ ᠡᠾᠧᠪᠸᠢ ᠶᠢᠨ ᠬᠤᠶᠢᠲᠤ ᠪᠦᠰᠡ᠂ ᠪᠡᠭᠡᠵᠢᠩ᠂ ᠭᠢᠷᠢᠨ ᠤ ᠪᠠᠷᠠᠭᠤᠨ ᠪᠦᠰᠡ ᠪᠠ ᠬᠠᠷᠠᠮᠦ᠋ᠷᠡᠨ ᠤ ᠪᠠᠷᠠᠭᠤᠨ ᠡᠮᠦᠨ᠎ᠡ ᠪᠦᠰᠡ ᠳ᠋ᠤ ᠡᠯᠡᠰᠦᠨ ᠰᠢᠭᠤᠷᠭ᠎ᠠ ᠲᠡᠭᠲᠡᠬᠦ ᠪᠤᠶᠤ ᠰᠢᠷᠤᠢ ᠶᠢᠨ ᠰᠢᠭᠤᠷᠭ᠎᠎ᠠ ᠪᠤᠰᠤᠨ᠎ᠠ᠃ ᠡᠭᠦᠨ ᠳ᠋ᠤ ᠦᠪᠦᠷ ᠮᠤᠩᠭᠤᠯ ᠤᠨ ᠲᠤᠮᠲᠠ ᠪᠠᠷᠠᠭᠤᠨ ᠪᠦᠰᠡ ᠳ᠋ᠤ ᠡᠯᠡᠰᠦᠨ ᠰᠢᠭᠤᠷᠭ᠎ᠠ ᠲᠡᠭᠲᠡᠨ᠂ ᠵᠠᠷᠢᠮ ᠭᠠᠵᠠᠷ ᠲᠤ ᠨᠤᠴᠢᠲᠠᠢ ᠲᠡᠭᠲᠡᠬᠦ ᠪᠤᠯᠤᠨ᠎ᠠ᠃

    ᠴᠠᠭ ᠠᠭᠠᠷ ᠤᠨ ᠪᠠᠶᠢᠲᠠᠯ ᠢ ᠪᠠᠶᠢᠩᠭᠤ ᠠᠩᠬᠠᠷᠴᠤ᠂ ᠭᠠᠲᠠᠭᠰᠢ ᠭᠠᠷᠬᠤ ᠳ᠋ᠠᠭᠠᠨ ᠠᠮᠠᠪᠴᠢ ᠮᠠᠯᠠᠭᠠᠢ ᠵᠡᠭᠦᠨ᠂ ᠠᠮᠢᠲᠤᠷᠠᠯ ᠦᠢᠯᠡᠳᠪᠦᠷᠢᠯᠡᠯ ᠶᠢᠡᠨ ᠵᠤᠬᠢᠰᠲᠠᠢ ᠲᠤᠬᠢᠷᠠᠭᠤᠯᠬᠤ ᠶᠢ ᠬᠠᠮᠢᠶᠠᠲᠠᠢ ᠰᠠᠯᠠᠭ᠎ᠠ ᠮᠦᠴᠢᠷ ᠡᠴᠡ ᠢᠷᠭᠡᠳ ᠲᠤ ᠰᠠᠨᠠᠭᠤᠯᠵᠤ ᠪᠠᠶᠢᠨ᠎ᠠ᠃

ᠢᠷᠡᠯᠳᠡ᠄ ᠰᠢᠨᠬᠤᠸᠠ ᠮᠤᠩᠭ᠋᠋ᠤᠯ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120701120917100