蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠠᠩᠬᠠᠲᠠᠭᠴᠢ ᠬᠤᠷᠲᠤᠨ ᠤ ᠭᠠᠯᠲᠤ ᠲᠡᠷᠭᠡ ᠶᠢ ᠲᠤᠷᠰᠢᠨ ᠠᠶᠠᠯᠠᠭᠤᠯᠪᠠ

2017-05-08 11:36

    ᠰᠢᠨᠬᠤᠸᠠ ᠬᠤᠷᠢᠶ᠎ᠠ   ᠬᠦᠬᠡᠬᠤᠲᠠ ᠶᠢᠨ 5 ᠰᠠᠷ᠎ᠠ ᠶᠢᠨ 8 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠸᠸᠢ ᠵᠢᠩ ᠢᠦᠢ᠂ ᠲᠠᠷᠬᠠᠨ ) 7 ᠤ ᠦᠲᠡ ᠶᠢᠨ ᠬᠤᠶᠢᠨ᠎ᠠ᠂ ᠴᠢᠭᠤᠯᠤᠯᠲᠤ ᠬᠠᠭᠠᠯᠭ᠎ᠠ - ᠬᠦᠬᠡᠬᠤᠲᠠ ᠬᠤᠭᠤᠷᠤᠨᠲᠤ ᠶᠢᠨ ᠬᠤᠷᠲᠤᠨ ᠤ ᠭᠠᠯᠲᠤ ᠲᠡᠷᠭᠡ ᠶᠢᠨ ᠲᠤᠰᠬᠠᠢ ᠵᠠᠮ ᠤᠨ ᠦᠪᠦᠷ ᠮᠤᠩᠭ᠋ᠤᠯ ᠤᠨ ᠤᠯᠠᠭᠠᠨᠴᠠᠪ ᠡᠴᠡ ᠬᠦᠬᠡᠬᠤᠲᠠ ᠶᠢᠨ ᠵᠡᠬᠦᠨ ᠦᠷᠲᠡᠭᠡ ᠬᠡᠰᠡᠭ ᠲᠤ ᠭᠠᠯᠲᠤ ᠲᠡᠷᠭᠡ ᠲᠤᠷᠰᠢᠨ ᠠᠶᠠᠠᠯᠭᠤᠯᠪᠠ᠃

    ᠴᠢᠭᠤᠯᠤᠯᠲᠤ ᠬᠠᠭᠠᠯᠭ᠎ᠠ - ᠬᠦᠬᠡᠬᠤᠲᠠ ᠬᠤᠭᠤᠷᠤᠨᠲᠤ ᠶᠢᠨ ᠬᠤᠷᠲᠤᠨ ᠤ ᠭᠠᠯᠲᠤ ᠲᠡᠷᠭᠡ ᠶᠢᠨ ᠲᠤᠰᠬᠠᠢ ᠵᠠᠮ ᠪᠤᠯ ᠮᠠᠨ ᠤ ᠤᠯᠤᠰ ᠤᠨ ᠲᠤᠮᠲᠠ ᠤᠷᠲᠤ ᠬᠤᠭᠤᠴᠠᠭᠠᠨ ᠤ ᠲᠡᠮᠦᠷ ᠵᠠᠮ ᠤᠨ ᠪᠡᠭᠡᠵᠢᠩ - ᠯᠠᠨᠵᠸᠦ ᠬᠤᠷᠲᠤᠨ ᠤ ᠭᠠᠯᠲᠤ ᠲᠡᠷᠭᠡ ᠶᠢᠨ ᠲᠤᠰᠬᠠᠢ ᠵᠠᠮ ᠤᠨ ᠴᠢᠬᠤᠯᠠ ᠪᠦᠷᠢᠯᠲᠦᠬᠦᠨ ᠬᠡᠰᠡᠭ᠂ ᠵᠡᠬᠦᠨ ᠢᠶᠡᠨ ᠡᠾᠸᠪᠸᠢ ᠶᠢᠨ ᠴᠢᠭᠤᠯᠤᠯᠲᠤ ᠬᠠᠭᠠᠯᠭ᠎ᠠ᠂ ᠪᠠᠷᠠᠭᠤᠨ ᠢᠶᠡᠨ ᠦᠪᠦᠷ ᠮᠤᠩᠭ᠋ᠤᠯ ᠤᠨ ᠬᠦᠬᠡᠬᠤᠲᠠ ᠬᠦᠷᠬᠦ ᠡᠨᠡᠬᠦ ᠲᠡᠮᠦᠷ ᠵᠠᠮ ᠤᠨ ᠪᠦᠬᠦ ᠤᠷᠲᠤ ᠨᠢ 286.8 ᠺᠢᠯᠤᠮᠸᠲ᠋ᠷ᠂ ᠴᠠᠭ ᠲᠤ 250 ᠺᠢᠯᠤᠮᠸᠲ᠋ᠷ ᠠᠶᠠᠯᠠᠬᠤ ᠪᠡᠷ ᠲᠦᠰᠦᠪᠯᠡᠪᠡ᠃

    ᠡᠨᠡ ᠵᠢᠯ ᠤᠨ 7 ᠰᠠᠷ᠎ᠠ ᠶᠢᠨ ᠦᠶ᠎ᠠ ᠪᠡᠷ᠂ ᠤᠯᠠᠭᠠᠨᠴᠠᠪ - ᠬᠦᠬᠡᠬᠤᠲᠠ ᠶᠢᠨ ᠵᠡᠬᠦᠨ ᠦᠷᠲᠡᠭᠡ ᠬᠤᠭᠤᠷᠤᠨᠲᠤ ᠶᠢᠨ ᠬᠤᠷᠲᠤᠨ ᠤ ᠭᠠᠯᠲᠤ ᠲᠡᠷᠭᠡ ᠵᠢᠩᠭᠢᠨᠢ ᠪᠡᠷ ᠠᠶᠠᠯᠠᠬᠤ ᠪᠤᠯᠤᠨ᠎ᠠ᠂ ᠤᠲᠤ ᠶᠢᠨ 1 ᠴᠠᠭ ᠠᠶᠠᠯᠠᠵᠤ ᠪᠠᠶᠢᠭᠰᠠᠨ ᠢ ᠪᠤᠭᠤᠨᠢᠰᠬᠠᠭᠠᠳ 35 ᠮᠢᠨᠦ᠋ᠲ ᠪᠤᠯᠭᠠᠨ᠎ᠠ᠃ ᠤᠷᠢᠳᠴᠢᠯᠠᠬᠤ ᠪᠡᠷ 2018 ᠤᠨ ᠳ᠋ᠤ ᠪᠦᠬᠦ ᠱᠤᠭᠤᠮ ᠢᠶᠡᠷ ᠲᠡᠷᠭᠡ ᠨᠡᠪᠲᠡᠷᠡᠨ᠂ ᠬᠦᠬᠡᠬᠤᠲᠠ ᠡᠴᠡ ᠪᠡᠭᠡᠵᠢᠩ ᠬᠦᠷᠬᠦ ᠳ᠋ᠤ 3 ᠴᠠᠭ ᠬᠡᠷᠡᠭᠰᠡᠬᠦ ᠪᠤᠯᠤᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791120935591