蒙古文网站Logo
ᠰᠢᠨᠬᠤᠸᠠ ᠮᠤᠩᠭ᠋ᠤᠯ ᠨᠧᠲ

ᠬᠦᠬᠡᠨᠠᠭᠤᠷ᠄ ᠲᠠᠯ᠎ᠠ ᠨᠤᠲᠤᠭ ᠤᠨ ᠪᠠᠶᠢᠭᠠᠯᠢ ᠤᠷᠴᠢᠨ ᠤ ᠬᠠᠮᠠᠭᠠᠯᠠᠯᠲᠠ ᠦᠷ᠎ᠠ ᠪᠦᠲᠦᠮᠵᠢ ᠰᠠᠶᠢᠲᠠᠢ

2017-05-08 16:40

    ᠰᠢᠨᠬᠤᠸᠠ ᠬᠤᠷᠢᠶ᠎ᠠ   ᠰᠢᠨᠢᠩ ᠤᠨ 5 ᠰᠠᠷ᠎ᠠ ᠶᠢᠨ 7 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠯᠦᠸᠸ ᠰᠢᠶᠤᠤ ᠹᠸᠢ ) ᠰᠤᠷᠪᠤᠯᠵᠢᠯᠠᠭᠴᠢ ᠬᠦᠬᠡᠨᠠᠭᠤᠷ ᠮᠤᠵᠢ ᠶᠢᠨ ᠮᠠᠯ ᠲᠠᠷᠢᠶᠠᠯᠠᠩ ᠤᠨ ᠲᠢᠩᠬᠢᠮ ᠡᠴᠡ ᠤᠶᠢᠯᠠᠭᠠᠭᠰᠠᠨ ᠢᠶᠡᠷ᠂ ᠭᠤᠷᠪᠠᠨ ᠮᠦᠷᠡᠨ ᠤ ᠡᠬᠢ ᠰᠤᠷᠪᠤᠯᠵᠢ ᠶᠢ ᠬᠠᠮᠠᠭᠠᠯᠠᠬᠤ ᠪᠠ ᠪᠦᠲᠦᠭᠡᠨ ᠪᠠᠶᠢᠭᠤᠯᠤᠯᠲᠠ᠂ ᠲᠠᠯ᠎ᠠ ᠨᠤᠲᠤᠭ ᠤᠨ ᠪᠠᠶᠢᠭᠠᠯᠢ ᠤᠷᠴᠢᠨ ᠢ ᠬᠠᠮᠠᠭᠠᠯᠠᠬᠤ᠂ ᠨᠦᠬᠦᠪᠦᠷᠢ ᠦᠭ᠍ᠬᠦ ᠱᠠᠩᠨᠠᠨ ᠬᠦᠬᠢᠭᠦᠯᠭᠦ ᠵᠡᠷᠭᠡ ᠲᠦᠷᠦ ᠶᠢᠨ ᠪᠤᠲᠤᠯᠭ᠎ᠠ ᠪᠡᠷ ᠬᠦᠬᠡᠨᠠᠭᠤᠷ ᠤᠨ 《ᠮᠠᠯ ᠪᠡᠯᠴᠢᠭᠡᠷ ᠲᠡᠩᠴᠡᠭᠦᠷᠢᠲᠠᠢ》ᠪᠤᠯᠵᠤ᠂ ᠲᠡᠩᠴᠡᠭᠦᠷᠢ ᠶᠢᠨ ᠠᠯᠲᠠᠭᠲᠠᠯ 3.74ᠪᠡᠷ ᠪᠠᠭᠤᠷᠠᠪᠠ᠃

    ᠬᠦᠬᠡᠨᠠᠭᠤᠷ ᠪᠤᠯ ᠬᠦᠬᠡ ᠮᠦᠷᠡᠨ᠂ ᠬᠠᠲᠤᠨ ᠭᠤᠤᠯ᠂ ᠯᠠᠨ ᠼᠠᠩ ᠵᠢᠶᠠᠩ ᠮᠦᠷᠡᠨ ᠤ ᠡᠬᠢ ᠰᠤᠷᠪᠤᠯᠵᠢ ᠶᠢᠨ ᠤᠷᠤᠨ᠂ ᠮᠠᠨ ᠤ ᠤᠯᠤᠰ ᠤᠨ ᠴᠢᠬᠤᠯᠠ ᠪᠠᠶᠢᠭᠠᠯᠢ ᠤᠷᠴᠢᠨ ᠤ ᠬᠠᠯᠬᠠᠪᠴᠢ ᠪᠦᠭᠡᠳ ᠤᠨᠴᠠᠯᠢᠭᠲᠤ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠰᠠᠭᠤᠷᠢᠨ ᠶᠤᠮ᠃ ᠪᠠᠶᠢᠭᠠᠯᠢᠯᠢᠬ ᠲᠠᠯ᠎ᠠ ᠭᠠᠵᠠᠷ 5.47 ᠳ᠋ᠦᠩᠰᠢᠭᠤᠷ ᠮᠦ᠂ ᠡᠭᠦᠨ ᠳ᠋ᠤ ᠭᠤᠷᠪᠠᠨ ᠮᠦᠷᠡᠨ ᠤ ᠡᠬᠢ ᠰᠤᠷᠪᠤᠯᠵᠢ ᠶᠢᠨ ᠤᠷᠤᠨ ᠪᠠ ᠬᠦᠬᠡᠨᠠᠭᠤᠷ ᠢ ᠲᠤᠭᠤᠷᠢᠭᠰᠠᠨ ᠤᠷᠤᠨ ᠳ᠋ᠤ ᠠᠰᠢᠭᠯᠠᠵᠤ ᠪᠤᠯᠬᠤᠶᠢᠴᠠ ᠪᠡᠯᠴᠢᠭᠡᠷ 4.74 ᠳ᠋ᠦᠩᠰᠢᠭᠤᠷ ᠮᠦ ᠪᠤᠢ᠃ 2010 ᠤᠨ ᠳ᠋ᠤ ᠬᠦᠬᠡᠨᠠᠭᠤᠷ ᠤᠨ ᠮᠠᠯ ᠪᠡᠯᠴᠢᠭᠡᠷ ᠲᠡᠩᠴᠡᠭᠦᠷᠢ ᠠᠯᠲᠠᠵᠤ 35.79ᠬᠦᠷᠴᠦ᠂ ᠲᠠᠯ᠎ᠠ ᠨᠤᠲᠤᠭ ᠤᠨ ᠴᠦᠯᠵᠢᠯᠲᠠ᠂ ᠡᠯᠡᠰᠦᠷᠬᠡᠭ᠍ᠵᠢᠯᠲᠠ ᠶᠢᠨ ᠠᠰᠠᠭᠤᠲᠠᠯ ᠬᠡᠴᠡᠬᠦᠦ ᠪᠤᠯᠪᠠ᠃

    《135》ᠲᠦᠰᠦᠯ ᠡᠴᠡ ᠨᠠᠭᠠᠰᠢ᠂ ᠬᠦᠬᠡᠨᠠᠭᠤᠷ ᠮᠤᠵᠢ ᠲᠠᠯ᠎ᠠ ᠨᠤᠲᠤᠭ ᠤᠨ ᠪᠠᠶᠢᠭᠠᠯᠢ ᠤᠷᠴᠢᠨ  ᠤ ᠬᠠᠮᠠᠭᠠᠯᠠᠯᠲᠠ ᠳ᠋ᠤ 40.96 ᠳ᠋ᠦᠩᠰᠢᠭᠤᠷ ᠲᠦᠭᠦᠷᠢᠭ᠌ ᠬᠦᠷᠦᠩᠭᠡ ᠤᠷᠤᠭᠤᠯᠵᠤ᠂ ᠨᠦᠬᠦᠪᠦᠷᠢ ᠮᠦᠩᠬᠦ ᠪᠠ ᠱᠠᠩᠨᠠᠨ ᠬᠦᠬᠢᠬᠦᠯᠬᠦ ᠵᠡᠷᠭᠡ ᠲᠠᠯ᠎ᠠ ᠳ᠋ᠤ 132.77 ᠳ᠋ᠦᠩᠰᠢᠭᠤᠷ ᠲᠦᠭᠦᠷᠢᠭ᠌  ᠬᠦᠷᠦᠩᠭᠡ ᠤᠷᠤᠭᠤᠯᠪᠠ᠃ ᠬᠠᠮᠲᠤ ᠳ᠋ᠤᠨᠢ ᠮᠠᠯᠵᠢᠬᠤ ᠤᠷᠤᠨ ᠡᠴᠡ ᠲᠠᠯ᠎ᠠ ᠨᠤᠲᠤᠭ ᠤᠨ ᠪᠠᠶᠢᠭᠠᠯᠢ ᠤᠷᠴᠢᠨ ᠢ ᠬᠠᠮᠠᠭᠠᠯᠠᠬᠤ ᠬᠠᠮᠢᠶᠠᠷᠤᠭᠴᠢ 42778 ᠬᠦᠮᠦᠨ ᠡᠯᠰᠡᠨ ᠠᠵᠢᠯᠯᠠᠭᠤᠯᠪᠠ᠃

    ᠬᠠᠮᠤᠭ ᠤᠨ ᠰᠢᠨ᠎ᠡ ᠲᠤᠭ᠎ᠠ ᠪᠦᠷᠢᠳᠭᠡᠯ ᠳ᠋ᠤ᠂ 2010 ᠤᠨ ᠤ ᠬᠢ ᠲᠠᠢ ᠬᠠᠷᠢᠴᠠᠭᠤᠯᠪᠠᠯ ᠬᠦᠬᠡᠨᠠᠭᠤᠷ ᠤᠨ ᠲᠠᠯ᠎ᠠ ᠨᠤᠲᠤᠭ ᠤᠨ ᠤᠷᠭᠤᠮᠠᠯ ᠤᠨ ᠬᠤᠴᠢᠯᠭ᠎ᠠ ᠵᠠᠭᠤᠨ ᠤ 3.41 ᠬᠤᠪᠢ ᠪᠡᠷ ᠲᠡᠭᠡᠭ᠍ᠰᠢᠯᠡᠵᠦ᠂ ᠮᠦ ᠪᠦᠷᠢ ᠶᠢᠨ ᠡᠪᠡᠰᠦᠨ ᠤ ᠤᠨᠠᠯᠲᠠ 11 ᠺᠢᠯᠤᠭ᠍ᠷᠠᠮ ᠨᠡᠮᠡᠭᠲᠡᠪᠡ᠃ 2016 ᠤᠨ ᠳ᠋ᠤ ᠬᠦᠬᠡᠨᠠᠭᠤᠷ ᠤᠨ ᠮᠠᠯᠴᠢᠳ ᠤᠨ ᠬᠦᠮᠦᠨ ᠲᠤᠮᠲᠠᠴᠢ ᠶᠢᠨ ᠴᠡᠪᠡᠷ ᠤᠷᠤᠯᠭ᠎ᠠ 8664 ᠲᠦᠭᠦᠷᠢᠭ᠌ ᠲᠤ ᠬᠦᠷᠴᠦ᠂ 2010  ᠤᠨ ᠤ ᠬᠢ ᠡᠴᠡ ᠬᠤᠶᠠᠷ ᠲᠠᠬᠢᠨ ᠢᠶᠡᠷ ᠨᠡᠮᠡᠭᠲᠡᠪᠡ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120791120937564