蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ ᠦᠪᠠᠷᠲᠠᠬᠡᠨ ᠵᠠᠰᠠᠬᠤ ᠤᠷᠤᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠬᠡᠴᠠ ᠢᠯᠠ ᠪᠠᠷ 1412 ᠠᠵᠢᠯᠳᠠᠨ ᠤᠷᠢᠨ ᠡᠯᠰᠡᠬᠦ ᠪᠠᠷ ᠪᠤᠢ

2017-05-09 11:13

    ᠤᠢᠢᠷ᠎ᠠ ᠳᠤ᠂ ᠦᠪᠦᠷ ᠮᠤᠩᠭᠤᠯ ᠤᠨ ᠦᠪᠠᠷᠲᠠᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠲᠠᠰ᠂ ᠦᠪᠠᠷᠲᠠᠬᠡᠨ ᠵᠠᠰᠠᠬᠤ ᠤᠷᠤᠨ ᠤ ᠬᠦᠮᠤᠨ ᠤ ᠬᠦᠴᠤᠨ ᠤ ᠡᠬᠢ ᠪᠠᠶᠠᠯᠢᠭ ᠪᠣᠯᠣᠨ ᠨᠠᠶᠢᠬᠡᠮ ᠤᠨ ᠪᠠᠲᠤᠯᠠᠪᠤᠷᠢ ᠶᠢᠨ ᠲᠢᠩᠬᠢᠮ ᠤᠨ ᠬᠠᠮᠲᠤᠷᠠᠨ ᠨᠠᠶᠢᠳᠡᠯᠡᠭᠰᠡᠨ ᠮᠡᠳᠡᠭᠡ ᠵᠠᠩᠬᠢ ᠶᠢ ᠦᠨᠳᠦᠰᠦᠯᠡᠪᠡᠯ᠂ ᠦᠪᠠᠷᠲᠠᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠬᠡᠴᠠ(ᠨᠠᠮ ᠤᠨ ᠬᠤᠷᠢᠶ᠎ᠠ᠂ ᠵᠠᠰᠠᠭ ᠤᠨ ᠤᠷᠲᠤᠨ ᠤ ᠬᠠᠷᠢᠶ᠎ᠠ ᠠᠵᠢᠯ ᠦᠢᠯᠡᠰ ᠤᠨ ᠨᠢᠬᠡᠴᠠ) ᠶ᠋ᠢᠨ ᠠᠵᠢᠯᠲᠠᠨ ᠨᠦᠬᠦᠪᠤᠷᠢᠯᠡᠬᠦ ᠬᠡᠷᠡᠭᠴᠡᠭᠡ ᠶᠢ ᠬᠠᠨᠭ᠍ᠭᠠᠬᠤ ᠶᠢᠨ ᠲᠦᠯᠤᠬᠡ᠂ ᠦᠪᠠᠷᠲᠠᠬᠡᠨ ᠵᠠᠰᠠᠬᠤ ᠤᠷᠤᠨ ᠤ ᠰᠢᠭᠤᠳ ᠬᠠᠷᠢᠶ᠎ᠠ ᠠᠵᠢᠯ ᠦᠢᠯᠠᠰ ᠤᠨ ᠨᠢᠬᠡᠴᠠ 2017 ᠤᠨ ᠳᠤ ᠢᠯᠠ ᠪᠠᠷ 1412 ᠠᠵᠢᠯᠳᠠᠨ ᠤᠷᠢᠨ ᠡᠯᠰᠡᠬᠦ ᠪᠠᠷ ᠲᠦᠯᠦᠪᠯᠡᠵᠦ ᠪᠤᠢ᠃

    ᠡᠨᠡ ᠣᠳᠠᠭ᠎ᠠ ᠶᠢᠨ ᠠᠵᠢᠯᠳᠠᠨ ᠡᠯᠰᠡᠬᠦ ᠰᠢᠯᠭᠠᠯᠳᠠ ᠳᠤ ᠨᠠᠷ᠎ᠠ ᠮᠡᠲᠠᠬᠦᠯᠬᠦ ᠬᠤᠭᠤᠴᠠᠭ᠎ᠠ ᠶᠢ ᠬᠤᠶᠠᠷ ᠱᠠᠲᠤ ᠬᠤᠪᠢᠶᠠᠵᠠᠢ᠂ ᠨᠢᠬᠡᠲᠤᠬᠡᠷ ᠱᠠᠲᠤ ᠨᠢ《ᠲᠦᠷᠤᠯ ᠵᠦᠢᠯ ᠤᠨ ᠬᠦᠮᠤᠰ》 ᠤᠨ ᠠᠵᠢᠯ ᠤᠨ ᠪᠠᠶᠢᠷᠢ ᠪᠠ《ᠮᠤᠩᠭᠤᠯ ᠬᠢᠲᠠᠳ ᠬᠤᠶᠠᠷ ᠬᠡᠯᠡ ᠳᠤ ᠨᠠᠪᠲᠠᠷᠡᠭᠰᠡᠨ》ᠬᠦᠮᠤᠰ ᠤᠨ ᠠᠵᠢᠯ ᠤᠨ ᠪᠠᠶᠢᠷᠢ ᠪᠠᠶᠢᠵᠤ᠂ ᠨᠠᠷ᠎ᠠ ᠮᠠᠲᠠᠬᠦᠯᠬᠦ ᠴᠠᠭ ᠨᠢ 5 ᠰᠠᠷ᠎ᠠ ᠶᠢᠨ 2 ᠤᠨ 9᠄00 ᠴᠠᠭ ᠡᠴᠡ 5 ᠤ ᠡᠲᠤᠷ ᠤᠨ 17᠄00 ᠴᠠᠭ ᠪᠤᠯᠲᠠᠯ᠎ᠠ; ᠬᠤᠶᠠᠲᠤᠭᠠᠷ ᠱᠠᠲᠤ ᠨᠢ ᠡᠩ ᠤᠨ ᠠᠵᠢᠯ ᠤᠨ ᠪᠠᠶᠢᠷᠢ  ᠪᠠᠶᠢᠵᠤ ᠨᠠᠷ᠎ᠠ ᠮᠠᠲᠠᠬᠦᠯᠬᠦ ᠴᠠᠭ ᠨᠢ 5 ᠰᠠᠷ᠎ᠠ ᠶᠢᠨ 8 ᠤ 9᠄00 ᠴᠠᠭ ᠡᠴᠡ 12 ᠤᠨ ᠡᠲᠤᠷ ᠤᠨ 17᠄00 ᠴᠠᠭ ᠪᠤᠯᠲᠠᠯ᠎ᠠ᠃ ᠤᠢᠢᠯᠠᠭᠠᠭᠰᠠᠨ ᠢᠶᠠᠷ᠂ ᠲᠤᠰ ᠣᠳᠠᠭ᠎ᠠ ᠶᠢᠨ ᠦᠪᠠᠷᠲᠠᠬᠡᠨ ᠵᠠᠰᠠᠬᠤ ᠤᠷᠤᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠬᠡᠴᠠ ᠶᠢᠨ ᠢᠯᠠ ᠪᠠᠷ ᠠᠵᠢᠯᠳᠠᠨ ᠤᠷᠢᠨ ᠡᠯᠰᠡᠬᠦ ᠰᠢᠯᠭᠠᠯᠲᠠ ᠶᠢᠨ ᠬᠡᠰᠡᠭ ᠠᠵᠢᠯ ᠤᠨ ᠪᠠᠶᠢᠷᠢ ᠶᠢ ᠮᠤᠩᠭᠤᠯ ᠬᠢᠲᠠᠳ ᠬᠤᠶᠠᠷ ᠬᠡᠯᠡ ᠳᠤ ᠨᠡᠪᠳᠡᠷᠡᠭᠰᠡᠨ ᠪᠠ ᠮᠤᠩᠭᠤᠯ ᠢᠶᠠᠷ ᠬᠢᠴᠢᠶᠠᠯᠯᠡᠭᠰᠡᠨ ᠶᠡᠭᠡ ᠲᠠᠬᠡᠲᠤ ᠰᠤᠷᠭᠠᠭᠤᠯᠢ ᠲᠡᠬᠦᠰᠦᠭᠰᠡᠳ(ᠡᠨᠡ ᠬᠤᠶᠠᠷ ᠲᠦᠷᠦᠯ ᠤᠨ ᠬᠦᠮᠤᠰ ᠢ ᠲᠤᠤᠷ᠎ᠠ《ᠮᠤᠩᠭᠤᠯ ᠬᠢᠲᠠᠳ ᠬᠤᠶᠠᠷ ᠬᠡᠯᠡ ᠳᠤ ᠨᠡᠪᠳᠡᠷᠡᠭᠰᠡᠨ》ᠬᠦᠮᠤᠰ ᠬᠡᠵᠤ ᠨᠠᠷᠠᠯᠠᠨ᠎ᠠ) ᠲᠤ ᠬᠠᠨᠲᠤᠭᠤᠯᠪᠠ; ᠬᠡᠰᠡᠭ ᠠᠵᠢᠯ ᠤᠨ ᠪᠠᠶᠢᠷᠢ ᠶᠢ ᠲᠤᠭᠲᠠᠭᠰᠠᠨ ᠴᠢᠭᠯᠡᠯ ᠲᠠᠢ ᠪᠠᠷ ᠦᠢᠯᠡᠴᠢᠯᠡᠬᠦ ᠬᠤᠭᠤᠴᠠᠭ᠎ᠠ ᠨᠢ ᠬᠦᠢᠴᠡᠭᠰᠡᠨ ᠪᠦᠬᠡᠳ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠶᠡᠭᠡ ᠲᠠᠬᠡᠲᠤ ᠰᠤᠷᠭᠠᠭᠤᠯᠢ ᠲᠠᠬᠦᠰᠦᠭᠰᠠᠨ ᠦᠨᠲᠤᠰᠤᠨ ᠱᠠᠲᠤᠨ ᠳᠤ ᠦᠢᠯᠡᠴᠢᠯᠡᠭᠰᠡᠨ ᠲᠦᠷᠦᠯ ᠵᠦᠢᠯ ᠤᠨ ᠬᠦᠮᠤᠰ᠂ ᠦᠨᠲᠤᠰᠤᠨ ᠱᠠᠲᠤᠨ ᠤ ᠨᠠᠶᠢᠲᠠ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠦᠢᠯᠡᠴᠢᠯᠡᠭᠰᠡᠨ ᠬᠦᠮᠤᠰ ᠵᠢᠴᠢ ᠴᠡᠷᠢᠭ ᠠᠴᠠ ᠬᠠᠯᠠᠭᠲᠠᠭᠰᠠᠨ ᠤᠶᠤᠲᠠᠨ (ᠡᠨᠡ ᠭᠤᠷᠪᠠᠨ ᠲᠦᠷᠦᠯ ᠤᠨ ᠬᠦᠮᠤᠰ ᠢ《ᠲᠦᠷᠦᠯ ᠵᠦᠢᠯ ᠤᠨ ᠬᠦᠮᠤᠰ》ᠬᠡᠵᠤ ᠨᠠᠷᠠᠯᠠᠨ᠎ᠠ) ᠳᠤ ᠬᠠᠨᠳᠣᠭᠤᠯᠪᠠ᠃ ᠤᠷᠢᠨ ᠡᠯᠰᠡᠬᠦ ᠬᠦᠮᠤᠰ ᠨᠢ ᠦᠪᠤᠷ ᠮᠤᠩᠭᠤᠯ ᠤᠨ ᠡᠷᠤᠬᠡ ᠠᠮᠠ ᠶᠢᠨ ᠲᠠᠩᠰᠡ ᠲᠠᠢ᠂ ᠪᠦᠬᠦᠯᠢ ᠡᠲᠤᠷ ᠤᠨ ᠲᠦᠷᠢᠮᠲᠤ ᠡᠩ ᠤᠨ ᠶᠡᠭᠡ ᠲᠠᠬᠡᠲᠤ ᠰᠤᠷᠭᠠᠭᠤᠯᠢ ᠲᠠᠬᠦᠰᠦᠭᠰᠡᠳ ᠪᠠᠶᠢᠬᠤ ᠬᠡᠷᠡᠭᠳᠡᠢ᠃ ᠦᠪᠤᠷ ᠮᠤᠩᠭᠤᠯ ᠤᠨ ᠡᠷᠤᠬᠡ ᠠᠮᠠ ᠶᠢᠨ ᠲᠠᠩᠰᠠ ᠦᠬᠡᠢ ᠴᠦ᠂ ᠲᠤᠤᠷᠠᠬᠢ ᠨᠦᠬᠦᠴᠠᠯ ᠤᠨ ᠨᠢᠬᠡ ᠳᠤᠨᠢ ᠵᠤᠬᠢᠴᠠᠬᠤ ᠬᠦᠮᠤᠰ ᠢ ᠴᠦ ᠤᠷᠢᠨ ᠬᠡᠷᠡᠭᠯᠡᠨ᠎ᠠ᠄ ᠦᠪᠤᠷ ᠮᠤᠩᠭᠤᠯ ᠳᠤ ᠬᠠᠷᠢᠶᠠᠯᠠᠭᠲᠠᠬᠤ ᠪᠦᠬᠦᠯᠢ ᠡᠲᠤᠷ ᠤᠨ ᠲᠦᠷᠢᠮᠲᠤ ᠡᠩ ᠤᠨ ᠶᠡᠭᠡ ᠲᠠᠬᠡᠲᠤ ᠰᠤᠷᠭᠠᠭᠤᠯᠢ ᠠᠴᠠ ᠲᠠᠬᠦᠰᠦᠭᠰᠡᠳ᠂ ᠡᠷᠤᠬᠡ ᠠᠮᠠ ᠶᠢᠨ ᠲᠠᠩᠰᠠ ᠪᠠ ᠲᠠᠩᠰᠠ ᠡᠪᠬᠡᠮᠡᠯ ᠢᠶᠠᠨ ᠦᠪᠤᠷ ᠮᠤᠩᠭᠤᠯ ᠤᠨ ᠡᠯ᠎ᠠ ᠱᠠᠲᠤᠨ ᠤ ᠴᠢᠲᠠᠪᠤᠷᠢᠲᠠᠨ ᠤ ᠰᠤᠯᠢᠯᠴᠠᠭᠠᠨ ᠤ ᠦᠢᠯᠠᠴᠢᠯᠡᠬᠡᠨ ᠤ ᠪᠠᠶᠢᠭᠤᠯᠤᠮᠵᠢ ᠳᠤ ᠦᠯᠡᠳᠡᠬᠡᠭᠰᠡᠨ᠂ ᠪᠦᠬᠦᠯᠢ ᠡᠲᠤᠷ ᠤᠨ ᠲᠦᠷᠢᠮᠲᠤ ᠠᠰᠫᠢᠷᠠᠨᠲ ᠠᠴᠠ ᠲᠠᠬᠡᠭᠰᠢ ᠰᠤᠷᠤᠯᠭ᠎ᠠ ᠶᠢᠨ ᠨᠠᠮᠲᠠᠷ ᠲᠠᠢ᠂ ᠮᠠᠰᠲ᠋ᠧᠷ ᠤᠨ ᠡᠷᠲᠠᠮ ᠤᠨ ᠴᠤᠯᠠ ᠲᠠᠢ ᠬᠦᠮᠤᠰ; ᠦᠪᠤᠷ ᠮᠤᠩᠭᠤᠯ ᠳᠤ ᠦᠢᠯᠠᠴᠢᠯᠡᠭᠰᠡᠨ ᠬᠤᠭᠤᠴᠠᠭ᠎ᠠ ᠨᠢ ᠬᠦᠢᠴᠡᠳ ᠪᠦᠬᠡᠳ ᠬᠢᠨᠠᠠ ᠰᠢᠯᠭᠠᠯᠲᠠ ᠳᠤ ᠬᠢᠷᠢ ᠲᠠᠩᠴᠡᠭᠰᠡᠨ᠂ ᠲᠤᠭᠲᠠᠭᠰᠠᠨ ᠬᠤᠭᠤᠴᠠᠭᠠᠨ ᠳᠤ ᠦᠨᠲᠤᠰᠤᠨ ᠱᠠᠲᠤᠨ ᠳᠤ ᠦᠢᠯᠠᠴᠢᠯᠡᠭᠰᠡᠨ《ᠲᠦᠷᠦᠯ ᠵᠦᠢᠯ ᠤᠨ ᠬᠦᠮᠤᠰ》᠃

    ᠤᠨᠴᠠᠭᠠᠢᠢᠯᠠᠨ ᠠᠩᠬᠠᠷᠤᠭᠤᠰᠢᠲᠠᠢ ᠨᠢ᠂ ᠠᠯᠪᠠᠲᠠᠨ ᠤ ᠰᠢᠯᠭᠠᠯᠲᠠ ᠪᠤᠶᠤ ᠠᠵᠢᠯ ᠦᠢᠯᠡᠰ ᠤᠨ ᠨᠢᠬᠡᠴᠠ ᠶᠢᠨ ᠢᠯᠠ ᠪᠠᠷ ᠤᠷᠢᠨ ᠡᠯᠰᠡᠬᠦ ᠰᠢᠯᠭᠠᠯᠲᠠ ᠳᠤ ᠬᠡᠮ ᠬᠢᠭᠰᠡᠨ ᠢᠶᠠᠷ ᠲᠠᠮᠳᠡᠭᠯᠡᠭᠳᠡᠭᠰᠡᠨ ᠵᠡᠷᠬᠡ ᠤᠷᠢᠨ ᠡᠯᠰᠡᠬᠦ᠂ ᠤᠷᠢᠵᠤ ᠬᠡᠷᠡᠭᠯᠡᠬᠦ ᠰᠠᠬᠢᠯᠭ᠎ᠠ ᠪᠠᠲᠤ ᠶᠢ ᠬᠦᠨᠲᠤ ᠨᠤᠴᠢᠲᠠᠢ ᠵᠦᠷᠢᠴᠡᠭᠰᠠᠳ ᠰᠢᠯᠭᠠᠯᠲᠠ ᠳᠤ ᠤᠷᠤᠯᠴᠠᠵᠤ ᠪᠤᠯᠬᠤ ᠦᠬᠡᠢ᠃ ᠲᠤᠰ ᠣᠳᠠᠭ᠎ᠠ ᠶᠢᠨ ᠠᠵᠢᠯ ᠦᠢᠯᠡᠰ ᠤᠨ ᠨᠢᠬᠡᠴᠠ ᠶᠢᠨ ᠤᠷᠢᠨ ᠡᠯᠰᠡᠬᠦ ᠰᠢᠯᠭᠠᠯᠲᠠ ᠶᠢᠨ ᠪᠢᠷ ᠤᠨ ᠰᠢᠯᠭᠠᠯᠲᠠ 6 ᠰᠠᠷ᠎ᠠ ᠶᠢᠨ 3 ᠤ ᠡᠲᠤᠷ ᠶᠠᠪᠤᠭᠲᠠᠨ᠎ᠠ᠃ ᠨᠠᠷᠢᠨ ᠵᠦᠢᠯᠡᠰ ᠢ ᠦᠪᠦᠷ ᠮᠤᠩᠭᠤᠯ ᠤᠨ ᠠᠵᠢᠯᠲᠠᠨ ᠤ ᠶᠠᠪᠤᠲᠠᠯ ᠤᠨ ᠰᠢᠯᠭᠠᠯᠲᠠ ᠶᠢᠨ ᠮᠠᠲᠡᠭᠡ ᠵᠠᠩᠬᠢ ᠶᠢᠨ ᠰᠦᠯᠵᠢᠶ᠎ᠠ (http://www.impta.com) ᠡᠴᠡ ᠯᠠᠪᠯᠠᠭᠠᠷᠠᠢ!

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120701120941585