蒙古文网站Logo
ᠰᠢᠨᠬᠤᠸᠠ ᠮᠤᠩᠭ᠋ᠤᠯ ᠨᠧᠲ

《13•5》 ᠤᠨ ᠬᠤᠭᠤᠴᠠᠭᠠᠨ ᠳᠤ ᠮᠠᠨ ᠤ ᠤᠯᠤᠰ ᠪᠦᠬᠦ ᠳᠠᠯ᠎ᠠ ᠪᠡᠷ ᠮᠡᠷᠬᠡᠰᠢᠭᠰᠡᠨ 15 ᠳᠦᠮᠡᠨ ᠡᠮᠴᠢ ᠬᠦᠮᠦᠵᠢᠬᠦᠯᠦᠨ᠎ᠡ

2017-05-17 08:50

    ᠰᠢᠨᠬᠤᠧᠠ ᠬᠤᠷᠢᠶ᠎ᠠ   ᠪᠡᠭᠡᠵᠢᠩ ᠤᠨ 5 ᠰᠠᠷ᠎ᠠ ᠶᠢᠨ 16 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠳ᠋ᠧᠩ ᠬᠤᠧᠠ ᠨᠢᠩ᠂ ᠸᠠᠩ ᠪᠢᠨ) ᠡᠪᠡᠳᠴᠢᠨ ᠦᠵᠡᠵᠤ ᠴᠢᠳᠠᠬᠤ ᠮᠦᠷᠳᠡᠬᠡᠨ ᠡᠮᠴᠢᠯᠡᠬᠡ ᠰᠠᠶᠢᠨ ᠬᠢᠵᠤ ᠴᠢᠳᠠᠬᠤ ᠡᠮᠴᠢ ᠶᠢᠨ ᠡᠩᠨᠡᠬᠡ ᠶᠢ ᠪᠠᠶᠢᠭᠤᠯᠬᠤ ᠶᠢᠨ ᠳᠦᠯᠦᠬᠡ᠂ ᠮᠦᠨ ᠡᠷᠡᠬᠦᠯ ᠮᠡᠨᠳᠦ ᠶᠢᠨ ᠦᠢᠯᠡᠴᠢᠯᠡᠬᠡ᠂ ᠨᠠᠰᠤᠳᠠᠨ ᠤ ᠠᠰᠠᠷᠠᠮᠵᠢ ᠶᠢᠨ ᠦᠢᠯᠡᠴᠢᠯᠡᠬᠡᠨ ᠤ ᠱᠠᠭᠠᠷᠳᠠᠯᠭ᠎ᠠ ᠳᠤ ᠵᠤᠬᠢᠴᠠᠭᠤᠯᠬᠤ ᠶᠢᠨ ᠳᠤᠰᠠᠳᠠ ᠮᠠᠨ ᠤ ᠤᠯᠤᠰ 2020 ᠤᠨ ᠪᠤᠯᠳᠠᠯ᠎ᠠ ᠡᠮᠨᠡᠯᠬᠡ ᠳᠤ ᠰᠠᠭᠤᠭᠰᠠᠳ ᠤᠨ ᠡᠮᠴᠢ 50 ᠳᠦᠮᠡ ᠶᠢ ᠳᠠᠳᠤᠯᠭᠠᠵᠢᠭᠤᠯᠵᠤ᠂ ᠪᠦᠬᠦ ᠳᠠᠯ᠎ᠠ ᠪᠡᠷ ᠮᠡᠷᠬᠡᠰᠢᠭᠰᠡᠨ ᠡᠮᠴᠢ 15 ᠳᠦᠮᠡ ᠶᠢ ᠬᠦᠮᠦᠵᠢᠬᠦᠯᠬᠦ ᠪᠡᠷ ᠳᠦᠯᠦᠪᠯᠡᠵᠤ ᠪᠤᠢ᠃

    ᠡᠶᠢᠮᠤ ᠳᠤ᠂ ᠤᠯᠤᠰ ᠤᠨ ᠡᠷᠡᠬᠦᠯ ᠬᠠᠮᠠᠭᠠᠯᠠᠯ ᠳᠦᠯᠦᠪᠯᠡᠬᠡᠳᠦ ᠦᠷᠡᠵᠢᠯ ᠤᠨ ᠵᠦᠪᠯᠡᠯ᠂ ᠡᠳ᠋ ᠤᠨ ᠵᠠᠰᠠᠭ ᠤᠨ ᠶᠠᠮᠤᠨ ᠪᠤᠯᠤᠨ ᠤᠯᠤᠰ ᠤᠨ ᠬᠢᠳᠠᠳ ᠡᠮ ᠡᠮᠨᠡᠯᠬᠡ ᠶᠢᠨ ᠬᠠᠮᠢᠶᠠᠷᠤᠯᠳᠠ ᠶᠢᠨ ᠳᠤᠪᠴᠢᠶ᠎ᠠ ᠨᠢ ᠰᠠᠶ᠊ᠢᠬᠠᠨ 《〈13•5〉 ᠤᠨ ᠬᠤᠭᠤᠴᠠᠭᠠᠨ ᠳ᠋ᠤ ᠡᠷᠡᠬᠦᠯ ᠬᠠᠮᠠᠭᠠᠯᠠᠯ ᠳᠦᠯᠦᠪᠯᠡᠬᠡᠳᠦ ᠦᠷᠡᠵᠢᠯ ᠤᠨ ᠳᠤᠰᠬᠠᠢ ᠮᠡᠷᠬᠡᠵᠢᠯ ᠤᠨ ᠬᠦᠮᠦᠰ ᠢ ᠳᠠᠳᠤᠯᠭᠠᠵᠢᠭᠤᠯᠬᠤ ᠳᠦᠰᠦᠯ》 ᠢ ᠬᠠᠮᠳᠤᠪᠠᠷ ᠬᠡᠪᠯᠡᠨ ᠳᠠᠷᠬᠠᠭᠠᠵᠠᠢ᠃

    2015 ᠤᠨ ᠤ ᠡᠴᠤᠰ ᠪᠤᠯᠳᠠᠯᠠᠬᠢ ᠪᠦᠷᠢᠳᠬᠡᠯ ᠳᠤ ᠳᠤᠳᠤᠷᠠᠭᠰᠠᠨ ᠢᠶᠡᠷ᠂ ᠮᠠᠨ ᠤ ᠤᠯᠤᠰ ᠤᠨ ᠡᠷᠡᠬᠦᠯ ᠬᠠᠮᠠᠭᠠᠯᠠᠯ ᠳᠦᠯᠦᠪᠯᠡᠬᠡᠳᠦ ᠦᠷᠡᠵᠢᠯ ᠤᠨ ᠠᠵᠢᠯᠳᠠᠨ 1069.4 ᠳᠦᠮᠡ ᠬᠦᠷᠴᠠᠢ᠃ ᠡᠬᠦᠨ ᠳᠤ ᠮᠡᠷᠬᠡᠵᠢᠯ ᠤᠨ ᠬᠡᠷᠡᠴᠢᠯᠡᠬᠡ ᠲᠠᠢ ᠡᠮᠴᠢ 303.9 ᠳᠦᠮᠡ᠂ ᠪᠦᠷᠢᠳᠬᠡᠬᠦᠯᠦᠭᠰᠡᠨ ᠰᠤᠪᠢᠯᠠᠭᠴᠢ 324.1 ᠳᠦᠮᠡ᠂ ᠪᠦᠬᠦ ᠳᠦᠷᠦᠯ ᠳᠤ ᠮᠡᠷᠬᠡᠰᠢᠭᠰᠡᠨ ᠡᠮᠴᠢ 18.9 ᠳᠦᠮᠡ ᠪᠤᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120701120985004