蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠵᠠᠮ ᠬᠠᠷᠢᠯᠴᠠᠭᠠᠨ ᠤ ᠳᠤᠮᠤ ᠴᠢᠬᠤᠯᠠ ᠪᠠᠷᠢᠯᠭ᠎ᠠ ᠶᠢᠨ ᠳᠦᠰᠦᠯ ᠢ ᠪᠠᠶᠢᠭᠤᠯᠬᠤ 3 ᠵᠢᠯ ᠤᠨ ᠠᠵᠢᠯᠯᠠᠭ᠎ᠠ ᠶᠢ ᠡᠬᠢᠯᠡᠬᠦᠯᠦᠨ᠎ᠡ

2017-05-17 12:55

    ᠤᠶᠢᠷ᠎ᠠ ᠳᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ 《ᠵᠠᠮ ᠬᠠᠷᠢᠯᠴᠠᠭᠠᠨ ᠤ ᠳᠡᠳ᠋ ᠪᠦᠳᠦᠴᠡ ᠶᠢᠨ ᠳᠤᠮᠤ ᠴᠢᠬᠤᠯᠠ ᠪᠠᠷᠢᠯᠭ᠎ᠠ ᠶᠢᠨ ᠳᠦᠰᠦᠯ ᠢ ᠪᠠᠶᠢᠭᠤᠯᠬᠤ ᠭᠤᠷᠪᠠᠨ ᠵᠢᠯ ᠤᠨ ᠠᠵᠢᠯᠯᠠᠭᠠᠨ ᠤ ᠳᠦᠯᠦᠪᠯᠡᠬᠡ ᠶᠢ ᠬᠡᠷᠡᠭᠵᠢᠬᠦᠯᠬᠦ ᠠᠵᠢᠯ ᠤᠨ ᠳᠦᠰᠦᠯ》 ᠢ ᠬᠡᠪᠯᠡᠬᠦᠯᠦᠨ ᠳᠠᠷᠬᠠᠭᠠᠭᠰᠠᠨ ᠪᠠᠶᠢᠨ᠎ᠠ᠃

    ᠳᠦᠰᠦᠯ ᠳᠤ ᠳᠤᠷᠠᠳᠤᠭᠰᠠᠨ ᠢᠶᠡᠷ᠂ ᠦᠪᠦᠷ ᠮᠤᠩᠭᠤᠯ 2016 ᠤᠨ ᠡᠴᠡ 2018 ᠤᠨ ᠪᠤᠯᠳᠠᠯ᠎ᠠ ᠳᠡᠮᠦᠷ ᠵᠠᠮ᠂ ᠠᠦ᠋ᠲ᠋ᠣ᠋ ᠵᠠᠮ᠂ ᠨᠢᠰᠬᠦ ᠤᠩᠭᠤᠴᠠᠨ ᠤ ᠪᠠᠭᠤᠳᠠᠯ᠂ ᠬᠤᠳᠠ ᠶᠢᠨ ᠴᠠᠷᠬᠢ ᠵᠠᠮ ᠵᠡᠷᠬᠡ ᠵᠠᠮ ᠬᠠᠷᠢᠯᠴᠠᠭᠠᠨ ᠤ 99 ᠪᠠᠷᠢᠯᠭ᠎ᠠ ᠶᠢᠨ ᠳᠦᠰᠦᠯ ᠢ ᠬᠡᠷᠡᠭᠵᠢᠬᠦᠯᠦᠨ᠎ᠡ᠂ ᠨᠡᠶᠢᠳᠡ ᠬᠦᠷᠦᠩᠬᠡ ᠤᠷᠤᠭᠤᠯᠥᠯᠳᠠ ᠨᠢ 3925.6 ᠳ᠋ᠦᠩᠰᠢᠭᠤᠷ ᠳᠦᠬᠦᠷᠢᠭ᠌᠃ ᠡᠬᠦᠨ ᠳᠤ 2016 ᠤᠨ ᠳᠤ 1064.9 ᠳ᠋ᠦᠩᠰᠢᠭᠤᠷ ᠳᠦᠬᠦᠷᠢᠭ ᠤᠨ ᠶᠡᠷᠦᠩᠬᠡᠢ ᠬᠦᠷᠦᠩᠬᠡ ᠤᠷᠤᠭᠤᠯᠤᠯᠳᠠ ᠲᠠᠢ 28 ᠪᠠᠷᠢᠯᠭ᠎ᠠ ᠶᠢᠨ ᠳᠦᠰᠦᠯ᠂ 2017 ᠤᠨ ᠳᠤ 2228.1 ᠳ᠋ᠦᠩᠰᠢᠭᠤᠷ ᠳᠦᠬᠦᠷᠢᠭ ᠤᠨ ᠶᠡᠷᠦᠩᠬᠡᠢ ᠬᠦᠷᠦᠩᠬᠡ ᠤᠷᠤᠭᠤᠯᠤᠯᠳᠠ ᠲᠠᠢ 42 ᠪᠠᠷᠢᠯᠭ᠎ᠠ ᠶᠢᠨ ᠳᠦᠰᠦᠯ᠂ 2018 ᠤᠨ ᠳᠤ 632.6 ᠳ᠋ᠦᠩᠰᠢᠭᠤᠷ ᠳᠦᠬᠦᠷᠢᠭ ᠤᠨ ᠶᠡᠷᠦᠩᠬᠡᠢ ᠬᠦᠷᠦᠩᠬᠡ ᠤᠷᠤᠭᠤᠯᠤᠯᠳᠠ ᠲᠠᠢ 29 ᠪᠠᠷᠢᠯᠭ᠎ᠠ ᠶᠢᠨ ᠳᠦᠰᠦᠯ ᠢ ᠬᠡᠷᠡᠭᠵᠢᠬᠦᠯᠦᠨ᠎ᠡ᠃

    ᠳᠡᠮᠦᠷ ᠵᠠᠮ᠄ 7 ᠪᠠᠷᠢᠯᠭ᠎ᠠ ᠶᠢᠨ ᠳᠦᠰᠦᠯ ᠢ ᠳᠦᠯᠬᠢᠬᠦᠦ ᠠᠬᠢᠭᠤᠯᠵᠤ 2160 ᠺᠢᠯᠤᠮᠧᠲ᠋ᠷ ᠤᠷᠳᠤ ᠲᠠᠢ ᠳᠡᠮᠦᠷ ᠵᠠᠮ ᠢ ᠰᠢᠨ᠎ᠡ ᠪᠡᠷ ᠪᠠᠶᠢᠭᠤᠯᠬᠤ ᠪᠤᠶᠤ ᠦᠷᠬᠡᠳᠬᠡᠨ ᠵᠠᠰᠠᠵᠤ ᠪᠠᠶᠢᠭᠤᠯᠤᠨ᠎ᠠ᠃ ᠨᠡᠶᠢᠳᠡ ᠬᠦᠷᠦᠩᠬᠡ ᠤᠷᠤᠭᠤᠯᠤᠯᠳᠠ 872 ᠳ᠋ᠦᠩᠰᠢᠭᠤᠷ ᠳᠦᠬᠦᠷᠢᠭ᠃

    ᠠᠦ᠋ᠲ᠋ᠣ᠋ ᠵᠠᠮ᠄ ᠤᠯᠤᠰ ᠤᠨ ᠬᠤᠷᠳᠤᠨ ᠤ ᠠᠦ᠋ᠲ᠋ᠣ᠋ ᠵᠠᠮ ᠤᠨ ᠪᠠᠷᠢᠯᠭ᠎ᠠ ᠶᠢᠨ ᠦᠯᠡᠳᠡᠪᠦᠷᠢ ᠬᠡᠰᠡᠭ ᠢ ᠵᠠᠯᠭᠠᠵᠤ ᠪᠠᠶᠢᠭᠤᠯᠬᠤ ᠪᠠ ᠳᠦᠭᠵᠢᠷᠡᠯ ᠲᠠᠢ ᠬᠡᠰᠡᠭ ᠢ ᠵᠠᠰᠠᠨ ᠦᠷᠬᠡᠳᠬᠡᠵᠤ᠂ ᠤᠷᠤᠨ ᠨᠤᠳᠤᠭ ᠲᠤ ᠰᠢᠨ᠎ᠡ ᠪᠡᠷ ᠪᠠᠶᠢᠭᠤᠯᠤᠨ᠎ᠠ᠃ ᠡᠬᠦᠨ ᠳᠤ 83 ᠪᠠᠷᠢᠯᠭ᠎ᠠ ᠶᠢᠨ ᠳᠦᠰᠦᠯ ᠬᠤᠯᠪᠤᠭᠳᠠᠵᠤ᠂ ᠰᠢᠨ᠎ᠡ ᠪᠡᠷ ᠪᠠᠶᠢᠭᠤᠯᠬᠤ ᠪᠠ ᠵᠠᠰᠠᠨ ᠦᠷᠬᠡᠳᠬᠡᠬᠦ ᠨᠢ 2382.2 ᠺᠢᠯᠤᠮᠧᠲ᠋ᠷ᠂ ᠤᠯᠤᠰ ᠤᠨ ᠪᠤᠯᠤᠨ ᠮᠤᠵᠢ ᠶᠢᠨ ᠭᠤᠤᠯ ᠴᠢᠬᠤᠯᠠ ᠱᠤᠭᠤᠮ 7258.7 ᠺᠢᠯᠤᠮᠧᠲ᠋ᠷ᠂ ᠨᠡᠶᠢᠳᠡ ᠬᠦᠷᠦᠩᠬᠡ ᠤᠷᠤᠭᠤᠯᠤᠯᠳᠠ ᠨᠢ 2097.5 ᠳ᠋ᠦᠩᠰᠢᠭᠤᠷ ᠳᠦᠬᠦᠷᠢᠭ᠃

    ᠨᠢᠰᠬᠦ ᠤᠩᠭᠤᠴᠠᠨ ᠤ ᠪᠠᠭᠤᠳᠠᠯ᠄ ᠬᠦᠬᠡᠬᠤᠳᠠ ᠶᠢᠨ ᠰᠢᠨ᠎ᠡ ᠨᠢᠰᠬᠦ ᠤᠩᠭᠤᠴᠠᠨ ᠤ ᠪᠠᠭᠤᠳᠠᠯ ᠪᠤᠯᠤᠨ ᠵᠡᠬᠦᠨ ᠦᠵᠦᠮᠦᠴᠢᠨ᠂ ᠰᠢᠯᠤᠭᠤᠨ ᠬᠦᠬᠡ᠂ ᠯᠢᠨᠰᠢ ᠵᠡᠷᠬᠡ ᠬᠤᠰᠢᠭᠤ ᠰᠢᠶᠠᠨ ᠤ ᠳᠡᠬᠡᠬᠡᠪᠦᠷᠢ ᠶᠢᠨ ᠨᠢᠰᠬᠦ ᠤᠩᠭᠤᠴᠠᠨ ᠤ ᠪᠠᠭᠤᠳᠠᠯ᠂ 1 ᠨᠡᠶᠢᠳᠡ ᠶᠢᠨ ᠬᠡᠷᠡᠭᠯᠡᠬᠡᠨ ᠤ ᠨᠢᠰᠬᠦ ᠤᠩᠭᠤᠴᠠᠨ ᠤ ᠪᠠᠭᠤᠳᠠᠯ ᠤᠨ ᠪᠠᠷᠢᠯᠭ᠎ᠠ ᠶᠢ ᠴᠢᠬᠤᠯᠠᠴᠢᠯᠠᠨ ᠠᠬᠢᠭᠤᠯᠤᠨ᠎ᠠ᠂ ᠨᠡᠶᠢᠳᠡ ᠬᠦᠷᠦᠩᠬᠡ ᠤᠷᠤᠭᠤᠯᠤᠯᠳᠠ ᠨᠢ 227 ᠳ᠋ᠦᠩᠰᠢᠭᠤᠷ ᠳᠦᠬᠦᠷᠢᠭ᠌᠃

    ᠬᠤᠳᠠ ᠶᠢᠨ ᠴᠠᠷᠬᠢ ᠵᠠᠮ᠄ 4 ᠴᠢᠬᠤᠯᠠ ᠪᠠᠷᠢᠯᠭ᠎ᠠ ᠶᠢᠨ ᠳᠦᠰᠦᠯ ᠢ ᠠᠬᠢᠭᠤᠯᠤᠨ᠎ᠠ᠂ ᠡᠬᠦᠨ ᠳᠤ ᠰᠢᠨ᠎ᠡ ᠪᠡᠷ ᠪᠠᠶᠢᠭᠤᠯᠬᠤ ᠬᠤᠳᠠ ᠶᠢᠨ ᠴᠠᠷᠬᠢ ᠵᠠᠮ 91.4 ᠺᠢᠯᠤᠮᠧᠲ᠋ᠷ᠂ ᠨᠡᠶᠢᠳᠡ ᠬᠦᠷᠦᠩᠬᠡ ᠤᠷᠤᠭᠤᠯᠤᠯᠳᠠ ᠨᠢ 679.1 ᠳ᠋ᠦᠩᠰᠢᠭᠤᠷ ᠳᠦᠬᠦᠷᠢᠭ᠌᠃ 

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120701120987450