蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ GDP ᠡᠷᠴᠢᠮ ᠬᠦᠴᠦᠨ ᠤ ᠬᠤᠷᠤᠭᠳᠠᠯ ᠵᠡᠷᠭᠡ ᠭᠤᠷᠪᠠᠨ ᠲᠠᠯ᠎ᠠ ᠪᠡᠷ ᠡᠷᠴᠢᠮ ᠬᠦᠴᠦ ᠬᠡᠮᠨᠡᠵᠤ ᠨᠡᠭᠦᠷᠡᠰᠦᠳᠦ᠋ᠷᠦᠭᠴᠢ ᠪᠠᠭᠤᠷᠠᠭᠤᠯᠬᠤ ᠪᠡᠷ ᠪᠠᠶᠢᠨ᠎ᠠ

2017-05-17 13:37

    ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ 15 ᠤ ᠡᠳᠦᠷ᠂ 《ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ 〈13•5〉ᠡᠷᠴᠢᠮ ᠬᠦᠴᠦ ᠬᠡᠮᠨᠡᠵᠤ ᠨᠡᠭᠦᠷᠡᠰᠦᠳᠦ᠋ᠷᠦᠭᠴᠢ ᠪᠠᠭᠤᠷᠠᠭᠤᠯᠬᠤ ᠶᠡᠷᠦᠩᠬᠡᠶᠢᠯᠡᠭᠰᠡᠨ ᠠᠵᠢᠯ ᠤᠨ ᠲᠦᠰᠦᠯ》(ᠳᠤᠤᠷ᠎ᠠ《ᠲᠦᠰᠦᠯ》ᠭᠡᠬᠦ) ᠢ ᠢᠯᠡ ᠪᠡᠷ ᠨᠡᠶᠢᠲᠡᠯᠡᠪᠡ᠃

    ᠲᠤᠰ 《ᠲᠦᠰᠦᠯ》 ᠤᠨ ᠰᠤᠷᠠᠭ ᠵᠠᠩᠭᠢ ᠶᠢ ᠦᠨᠳᠦᠰᠦᠯᠡᠪᠡᠯ᠂ 2020 ᠤᠨ ᠪᠤᠯᠲᠠᠯ᠎ᠠ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ GDP ᠡᠷᠴᠢᠮ ᠬᠦᠴᠦᠨ ᠤ ᠬᠤᠷᠤᠭᠳᠠᠯ ᠵᠡᠷᠭᠡ ᠭᠤᠷᠪᠠᠨ ᠲᠠᠯ᠎ᠠ ᠪᠡᠷ ᠡᠷᠴᠢᠮ ᠬᠦᠴᠦ ᠬᠡᠮᠨᠡᠵᠤ ᠨᠡᠭᠦᠷᠡᠰᠦᠳᠦ᠋ᠷᠦᠭᠴᠢ ᠪᠠᠭᠤᠷᠠᠭᠤᠯᠤᠨ᠂ ᠤᠷᠤᠨ ᠨᠤᠲᠤᠭ ᠤᠨ ᠠᠮᠢ ᠠᠬᠤᠢ ᠪᠠᠶᠢᠭᠠᠯᠢ ᠤᠷᠴᠢᠨ ᠢ ᠰᠠᠶᠢᠵᠢᠷᠠᠭᠤᠯᠤᠨ᠎ᠠ᠃ ᠠᠯᠪᠠᠨ ᠮᠡᠳᠡᠭᠡ ᠳᠦ᠂ ᠦᠪᠦᠷ ᠮᠤᠩᠭᠤᠯ 《12•5》 ᠤᠨ ᠬᠤᠭᠤᠴᠠᠭᠠᠨ ᠳᠦ ᠨᠡᠶᠢᠲᠡ 546 ᠳ᠋ᠦᠩᠰᠢᠭᠤᠷ ᠲᠦᠭᠦᠷᠢᠭ ᠵᠠᠷᠤᠴᠠᠭᠤᠯᠤᠨ《ᠠᠮᠢ ᠠᠬᠤᠢ ᠶᠢᠨ ᠢᠨᠵᠧᠨᠧᠷᠢᠩ》ᠪᠠ 《ᠪᠦᠰᠡ ᠨᠤᠲᠤᠭ ᠤᠨ ᠴᠢᠨᠠᠷᠲᠠᠢ ᠨᠤᠭᠤᠭᠠᠷᠠᠭᠤᠯᠤᠯᠲᠠ ᠶᠢᠨ ᠢᠨᠵᠧᠨᠧᠷᠢᠩ》ᠬᠡᠷᠡᠭᠵᠢᠭᠦᠯᠦᠨ᠂ 10.1 ᠳ᠋ᠦᠩᠰᠢᠭᠤᠷ ᠮᠦ ᠠᠰᠢᠭᠯᠠᠵᠦ ᠪᠤᠯᠬᠤᠶᠢᠴᠠ ᠲᠠᠯ᠎ᠠ ᠨᠤᠲᠤᠭ ᠢ ᠪᠦᠬᠦᠨ ᠢ ᠬᠠᠮᠠᠭᠠᠯᠠᠬᠤ ᠬᠦᠷᠢᠶ᠎ᠡ ᠬᠡᠪᠴᠢᠶᠡᠨ ᠳᠦ ᠤᠷᠤᠭᠤᠯᠤᠨ᠎ᠠ᠃ ᠤᠢ ᠰᠢᠭᠤᠢ ᠶᠢᠨ ᠲᠠᠯᠠᠪᠠᠢ ᠶᠢ 3.6 ᠳ᠋ᠦᠩᠰᠢᠭᠤᠷ ᠮᠦ ᠡᠴᠡ 3.8 ᠳ᠋ᠦᠩᠰᠢᠭᠤᠷ ᠮᠦ ᠪᠤᠯᠭᠠᠵᠤ ᠨᠡᠮᠡᠭᠳᠡᠭᠦᠯᠦᠨ᠂ ᠲᠠᠯ᠎ᠠ ᠨᠤᠲᠤᠭ ᠤᠨ ᠤᠷᠭᠤᠮᠠᠯ ᠤᠨ ᠬᠤᠴᠢᠯᠭ᠎ᠠ ᠶᠢ 37% ᠡᠴᠡ 44% ᠪᠤᠯᠭᠠᠨ ᠳᠡᠭᠡᠭᠰᠢᠯᠡᠭᠦᠯᠬᠦ ᠪᠤᠯᠤᠨ᠎ᠠ᠃

    GDP ᠡᠷᠴᠢᠮ ᠬᠦᠴᠦᠨ ᠤ ᠬᠤᠷᠤᠭᠳᠠᠯ ᠤᠨ ᠲᠠᠯ᠎ᠠ ᠪᠡᠷ᠂ ᠲᠤᠰ 《ᠲᠦᠰᠦᠯ》 ᠳ᠋ᠦ᠂ 2020 ᠤᠨ ᠪᠤᠯᠬᠤ ᠳᠦ᠂ ᠦᠪᠦᠷ ᠮᠤᠩᠭᠤᠯ ᠳᠠᠶᠠᠭᠠᠷ ᠤᠨ ᠲᠦᠮᠡᠨ ᠲᠦᠭᠦᠷᠢᠭ ᠤᠨ ᠡᠷᠴᠢᠮ ᠬᠦᠴᠦᠨ ᠤ ᠬᠤᠷᠤᠭᠳᠠᠯ 2015 ᠤᠨ ᠤ ᠬᠢ ᠡᠴᠡ 14% ᠪᠡᠷ ᠪᠠᠭᠤᠷᠠᠵᠦ᠂ ᠡᠷᠴᠢᠮ ᠬᠦᠴᠦᠨ ᠤ ᠡᠬᠢ ᠪᠠᠶᠠᠯᠢᠭ ᠤᠨ ᠬᠡᠷᠡᠭᠯᠡᠭᠡᠨ ᠤ ᠬᠡᠮᠵᠢᠶ᠎ᠡ ᠶᠢ 2.25 ᠳ᠋ᠦᠩᠰᠢᠭᠤᠷ ᠳᠤᠨ ᠤ ᠪᠠᠷᠢᠮᠵᠢᠶ᠎ᠠ ᠨᠡᠭᠦᠷᠡᠰᠦ ᠶᠢᠨ ᠳᠤᠲᠤᠷ᠎ᠠ ᠡᠵᠡᠮᠳᠡᠵᠦ᠂ ᠡᠷᠴᠢᠮ ᠬᠦᠴᠦᠨ ᠤ ᠡᠬᠢ ᠪᠠᠶᠠᠯᠢᠭ ᠤᠨ ᠬᠡᠷᠡᠭᠯᠡᠭᠡ ᠶᠢᠨ ᠨᠡᠮᠡᠭᠳᠡᠯ ᠤᠨ ᠬᠤᠷᠳᠤᠴᠠ ᠶᠢ ᠵᠢᠯ ᠳᠦ ᠳᠤᠮᠳᠠᠴᠢ ᠪᠡᠷ 3.5% ᠡᠴᠡ ᠳᠤᠷᠤᠭᠰᠢ ᠪᠠᠶᠢᠯᠭᠠᠨ᠎ᠠ᠃ ᠲᠦᠮᠡᠨ ᠲᠦᠭᠦᠷᠢᠭ ᠤᠨ GDP ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 17% ᠪᠡᠷ ᠪᠠᠭᠤᠷᠠᠭᠤᠯᠤᠨ᠂ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠪᠦᠲᠦᠮᠵᠢᠲᠠᠢ ᠡᠵᠡᠮᠳᠡᠨ᠎ᠡ᠃

    ᠤᠢ ᠰᠢᠭᠤᠢ ᠶᠢᠨ ᠬᠤᠴᠢᠯᠭ᠎ᠠ ᠶᠢᠨ ᠨᠤᠷᠮ᠎ᠠ ᠶᠢᠨ ᠲᠠᠯ᠎ᠠ ᠪᠡᠷ᠂ ᠲᠤᠰ《ᠲᠦᠰᠦᠯ》 ᠳᠦ᠂ 2020 ᠤᠨ ᠪᠤᠯᠲᠠᠯ᠎ᠠ ᠦᠪᠦᠷ ᠮᠤᠩᠭᠤᠯ ᠳᠠᠶᠠᠭᠠᠷ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠶᠢ 23% ᠪᠤᠯᠭᠠᠨ ᠳᠡᠭᠡᠭᠰᠢᠯᠡᠭᠦᠯᠵᠦ᠂ ᠤᠷᠭᠤᠭ᠎ᠠ ᠮᠤᠳᠤᠨ ᠤ ᠬᠤᠷᠠᠮᠳᠤᠯ ᠤᠨ ᠬᠡᠮᠵᠢᠶ᠎ᠡ ᠶᠢ 16 ᠳ᠋ᠦᠩᠰᠢᠭᠤᠷ ᠺᠦᠪ ᠮᠧᠲ᠋ᠷ ᠬᠦᠷᠭᠡᠵᠦ᠂ ᠲᠠᠯ᠎ᠠ ᠨᠤᠲᠤᠭ ᠤᠨ ᠤᠷᠭᠤᠮᠠᠯ ᠤᠨ ᠶᠡᠷᠦᠩᠬᠡᠶᠢᠯᠡᠭᠰᠡᠨ ᠬᠤᠴᠢᠯᠭ᠎ᠠ ᠶᠢ 45% ᠡᠴᠡ ᠳᠡᠭᠡᠭᠰᠢ ᠪᠤᠯᠭᠠᠨ᠎ᠠ᠃

    ᠴᠠᠭ ᠠᠭᠠᠷ ᠤᠨ ᠬᠤᠪᠢᠷᠠᠯᠲᠠ ᠲᠠᠢ ᠵᠤᠬᠢᠴᠠᠬᠤ ᠴᠢᠳᠠᠪᠤᠷᠢ ᠶᠢᠨ ᠲᠠᠯ᠎ᠠ ᠪᠡᠷ᠂ ᠲᠤᠰ 《ᠲᠦᠰᠦᠯ》 ᠳ᠋ᠦ᠂ 2020 ᠤᠨ ᠪᠤᠯᠲᠠᠯ᠎ᠠ ᠭᠤᠤᠯᠳᠠᠯᠭ᠎ᠠ ᠲᠠᠢ ᠰᠠᠯᠪᠤᠷᠢ ᠪᠠ ᠠᠮᠢ ᠠᠬᠤᠢ ᠬᠡᠪᠡᠷᠡᠭ ᠪᠦᠰᠡ ᠨᠤᠲᠤᠭ ᠤᠨ ᠴᠠᠭ ᠠᠭᠠᠷ ᠤᠨ ᠬᠤᠪᠢᠷᠠᠯᠲᠠ ᠲᠠᠢ ᠵᠤᠬᠢᠴᠠᠬᠤ ᠴᠢᠳᠠᠪᠤᠷᠢ ᠶᠢ ᠦᠷᠭᠦᠯᠵᠢᠯᠡᠨ ᠨᠡᠮᠡᠭᠳᠡᠭᠦᠯᠵᠦ᠂ ᠲᠦᠢᠯ ᠤᠨ ᠴᠠᠭ ᠠᠭᠠᠷ ᠤᠨ ᠤᠷᠢᠳᠴᠢᠯᠠᠨ ᠲᠤᠭᠠᠴᠠᠭᠠᠯᠠᠬᠤ ᠰᠡᠷᠡᠮᠵᠢ ᠶᠢᠨ ᠳᠤᠬᠢᠶ᠎ᠠ ᠪᠠ ᠭᠠᠮᠰᠢᠭ ᠢ ᠰᠡᠷᠭᠡᠶᠢᠯᠡᠵᠦ ᠪᠠᠭᠠᠰᠬᠠᠬᠤ ᠰᠢᠰᠲ᠋ᠧᠮ ᠢ ᠲᠡᠭᠦᠯᠳᠡᠷᠵᠢᠭᠦᠯᠵᠦ᠂ ᠴᠠᠭ ᠠᠭᠠᠷ ᠤᠨ ᠭᠠᠮᠰᠢᠭ ᠢ ᠠᠷᠭᠠᠴᠠᠵᠦ ᠰᠡᠷᠡᠮᠵᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠤᠶᠢᠯᠠᠭᠠᠭᠰᠠᠨ ᠢᠶᠡᠷ᠂ ᠳᠡᠬᠡᠷ᠎ᠠ ᠳᠤᠷᠠᠳᠤᠭᠰᠠᠨ ᠬᠠᠷᠠᠯᠳᠠ ᠶᠢ ᠪᠡᠶᠡᠯᠡᠬᠦᠯᠦᠭᠰᠡᠨ ᠰᠠᠭᠤᠷᠢᠨ ᠳᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠪᠠᠰᠠ ᠨᠡᠬᠦᠷᠡᠰᠦ᠂ ᠰᠢᠳᠠᠮᠠᠬᠠᠢ ᠬᠡᠢ᠂ ᠪᠠᠷᠢᠯᠭ᠎ᠠ᠂ ᠵᠠᠮ ᠬᠠᠷᠢᠯᠴᠠᠭ᠎ᠠ ᠳᠡᠬᠡᠬᠡᠪᠦᠷᠢ ᠵᠡᠷᠬᠡ ᠤᠯᠠᠨ ᠴᠢᠬᠤᠯᠠ ᠰᠠᠯᠪᠤᠷᠢ ᠳᠤ ᠡᠷᠴᠢᠮ ᠬᠦᠴᠦ ᠬᠡᠮᠨᠡᠬᠦ《ᠶᠡᠬᠡ ᠬᠦᠳᠡᠯᠬᠡᠬᠡᠨ》ᠶᠠᠪᠤᠭᠤᠯᠬᠤ ᠪᠤᠯᠤᠨ᠎ᠠ᠃

ᠢᠷᠡᠯᠳᠡ᠄ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120701120987611