蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠬᠦᠨᠳᠦ ᠶᠡᠭᠡ ᠠᠳᠡᠯ ᠡᠬᠦᠰᠬᠦ ᠶᠢ ᠬᠤᠷᠢᠬᠯᠠᠬᠤ ᠵᠢᠴᠢ ᠠᠶᠦᠯᠬᠦᠢ ᠦᠢᠯᠡᠳᠪᠤᠷᠢᠯᠡᠯ ᠤᠨ ᠮᠡᠳᠡᠭᠡ ᠵᠠᠩᠬᠢᠵᠢᠯᠳᠠ ᠶᠢᠨ ᠪᠠᠶᠢᠭᠤᠯᠤᠯᠳᠠ ᠶᠢ ᠠᠬᠢᠭᠤᠯᠬᠤ ᠠᠵᠢᠯ ᠤᠨ ᠲᠧᠯᠸᠢᠰ ᠤᠳᠠᠰᠤᠲᠤ ᠬᠤᠷᠠᠯ ᠬᠤᠷᠠᠯᠳᠤᠭᠤᠯᠪᠠ

2017-05-17 16:35

    5 ᠰᠠᠷ᠎ᠠ ᠶᠢᠨ 15 ᠤ ᠡᠳᠦᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠬᠦᠨᠳᠦ ᠶᠡᠭᠡ ᠠᠳᠡᠯ ᠡᠬᠦᠰᠬᠦ ᠶᠢ ᠬᠤᠷᠢᠬᠯᠠᠬᠤ ᠵᠢᠴᠢ ᠠᠶᠦᠯᠬᠦᠢ ᠦᠢᠯᠡᠳᠪᠤᠷᠢᠯᠡᠯ ᠤᠨ ᠮᠡᠳᠡᠭᠡ ᠵᠠᠩᠬᠢᠵᠢᠯᠳᠠ ᠶᠢᠨ ᠪᠠᠶᠢᠭᠤᠯᠤᠯᠳᠠ ᠶᠢ ᠠᠬᠢᠭᠤᠯᠬᠤ ᠠᠵᠢᠯ ᠤᠨ ᠲᠧᠯᠸᠢᠰ ᠤᠳᠠᠰᠤᠲᠤ ᠬᠤᠷᠠᠯ ᠬᠤᠷᠠᠯᠳᠤᠭᠤᠯᠵᠠᠢ᠃

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠸᠠᠩ ᠪᠦᠸᠧ ᠬᠤᠷᠠᠯ ᠳᠤ ᠤᠷᠤᠯᠴᠠᠨ ᠶᠠᠷᠢᠶ᠎ᠠ ᠲᠠᠯᠪᠢᠪᠠ᠃

    ᠸᠠᠩ ᠪᠦᠸᠧ ᠴᠢᠬᠤᠯᠠᠴᠢᠯᠠᠭᠰᠠᠨ ᠨᠢ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠡᠯ᠎ᠠ ᠪᠠᠶᠢᠭᠤᠯᠤᠯᠭ᠎ᠠ ᠶᠢᠨ ᠬᠢᠨ ᠦᠵᠡᠯ ᠰᠠᠨᠠᠭ᠎ᠠ ᠪᠠ ᠠᠵᠢᠯᠯᠠᠭ᠎ᠠ ᠪᠠᠨ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠴᠢᠬᠤᠯᠠ ᠶᠡᠭᠡ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠳᠡᠭᠡᠷ᠎ᠠ ᠨᠢᠭᠡᠳᠭᠡᠵᠦ᠂ 《ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠦᠯᠬᠦᠢ ᠦᠢᠯᠡᠳᠪᠤᠷᠢᠯᠡᠯ ᠤᠨ ᠬᠦᠷᠢᠶᠡᠨ ᠳᠠᠬᠢ ᠦᠭᠡᠷᠡᠴᠢᠯᠡᠯᠳᠠ ᠬᠦᠭ᠍ᠵᠢᠯᠳᠠ ᠶᠢ ᠠᠬᠢᠭᠤᠯᠬᠤ ᠲᠤᠬᠠᠢ ᠰᠠᠨᠠᠯ》 ᠪᠠ 《ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠠᠶᠦᠯᠬᠦᠢ ᠦᠢᠯᠡᠳᠪᠤᠷᠢᠯᠡᠯ ᠤᠨ ᠠᠵᠢᠯ ᠢ ᠴᠢᠩᠭ᠋ᠠᠳᠬᠠᠬᠤ ᠲᠤᠬᠠᠢ ᠲᠤᠭᠳᠠᠭᠠᠯ》 ᠤ᠋ᠨ ᠵᠤᠷᠢᠭ ᠰᠠᠨᠠᠭ᠎ᠠ ᠶᠢ ᠰᠠᠶᠢᠳᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠠᠢ᠃ ᠬᠦᠨᠳᠦ ᠨᠤᠴᠢᠳᠠᠢ ᠠᠳᠡᠯ ᠡᠬᠦᠰᠬᠦ ᠶᠢ ᠪᠦᠬᠦ ᠲᠠᠯ᠎ᠠ ᠪᠠᠷ ᠬᠤᠷᠢᠬᠯᠠᠵᠦ᠂ ᠤᠯᠤᠰ ᠪᠠ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠶᠡᠷᠦᠩᠭᠡᠢ ᠪᠠᠶᠢᠷᠢᠯᠠᠭᠤᠯᠤᠯᠳᠠ ᠶᠤᠰᠤᠭᠠᠷ᠂ ᠠᠮᠤᠷ ᠲᠦᠪᠰᠢᠨ ᠤ ᠲᠦᠭᠰᠢᠬᠦᠷᠢ ᠶᠢ ᠬᠠᠮᠢᠶᠠᠷᠤᠨ ᠡᠵᠡᠮᠳᠡᠬᠦ ᠪᠠ ᠭᠡᠮ ᠰᠤᠭᠤᠭ ᠢ ᠰᠢᠭ᠍ᠰᠢᠨ ᠪᠠᠶᠢᠴᠠᠭᠠᠵᠦ ᠵᠠᠰᠠᠬᠤ 《ᠬᠤᠤᠰ ᠰᠡᠷᠭᠡᠶᠢᠯᠡᠯᠳᠠ》 ᠶᠢᠨ ᠠᠵᠢᠯ ᠤᠨ ᠲᠤᠭᠳᠠᠴᠠ ᠶᠢ ᠪᠠᠶᠢᠭᠤᠯᠵᠦ᠂ ᠬᠦᠨᠳᠦ ᠶᠡᠭᠡ ᠠᠳᠡᠯ ᠡᠬᠦᠰᠬᠦ ᠶᠢ ᠬᠤᠷᠢᠬᠯᠠᠬᠤ ᠳᠤ ᠪᠠᠳᠤ ᠪᠠᠬᠢ ᠰᠠᠭᠤᠷᠢ ᠪᠠ ᠠᠮᠤᠷ ᠲᠦᠪᠰᠢᠨ ᠤ ᠪᠠᠳᠤᠯᠠᠭ᠎ᠠ ᠬᠠᠩᠭ᠋ᠠᠬᠤ ᠬᠡᠷᠡᠭᠲᠠᠢ᠃ ᠲᠦᠷᠦ ᠶᠢᠨ ᠶᠠᠪᠤᠳᠠᠯ ᠤᠨ ᠬᠤᠷᠢᠶᠠᠨ ᠤ ᠠᠶᠦᠯᠬᠦᠢ ᠦᠢᠯᠡᠳᠪᠤᠷᠢᠯᠡᠯ ᠤᠨ ᠵᠦᠪᠯᠡᠯ ᠤᠨ ᠠᠶᠦᠯᠬᠦᠢ ᠦᠢᠯᠡᠳᠪᠤᠷᠢᠯᠡᠯ ᠤᠨ ᠲᠤᠭᠤᠷᠢᠨ ᠪᠠᠶᠢᠴᠠᠭᠠᠬᠤ ᠪᠡᠯᠡᠳᠭᠡᠯ ᠠᠵᠢᠯ ᠢ ᠰᠠᠶᠢᠳᠤᠷ ᠬᠢᠵᠦ᠂ ᠦᠪᠡᠷ ᠢ ᠪᠠᠨ ᠪᠠᠶᠢᠴᠠᠭᠠᠬᠤ ᠦᠪᠡᠷ ᠢ ᠪᠠᠨ ᠵᠠᠯᠠᠷᠠᠭᠤᠯᠬᠤ ᠶᠢ ᠪᠦᠬᠦ ᠲᠠᠯ᠎ᠠ ᠪᠠᠷ ᠶᠠᠪᠤᠭᠳᠠᠭᠤᠯᠵᠦ᠂ ᠴᠡᠭᠴᠡᠯᠡᠨ ᠰᠠᠶᠢᠵᠢᠷᠠᠭᠤᠯᠵᠦ ᠳᠡᠬᠦᠯᠳᠡᠷᠵᠢᠬᠦᠯᠬᠦ ᠭᠡᠷᠡᠭᠲᠡᠢ᠃ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢᠨ ᠠᠶᠦᠯᠬᠦᠢ ᠦᠢᠯᠡᠳᠪᠤᠷᠢᠯᠡᠯ ᠤᠨ ᠪᠠᠳᠤᠯᠠᠭ᠎ᠠ ᠶᠢᠨ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠵᠦ᠂ 《ᠲᠤᠭᠳᠠᠭᠤᠨ ᠪᠤᠯ ᠶᠡᠷᠦᠩᠭᠡᠢ ᠬᠦᠭ᠌ ᠠᠶᠠᠰ᠂ ᠲᠤᠭᠳᠠᠭᠤᠨ ᠪᠤᠯ ᠶᠡᠭᠡ ᠲᠠᠯ᠎ᠠ ᠮᠦᠨ》 ᠭᠡᠬᠦ ᠵᠠᠷᠴᠢᠮ ᠢ ᠪᠠᠷᠢᠮᠳᠠᠯᠠᠵᠦ᠂ 《ᠭᠤᠷᠪᠡᠨ ᠬᠠᠷᠢᠭᠤᠴᠠᠯᠭ᠎ᠠ》 ᠶᠢ ᠲᠦᠪ ᠴᠢᠩᠭ᠋᠎ᠠ ᠰᠠᠶᠢᠳᠤᠷ ᠨᠠᠶᠢᠳᠠᠪᠤᠷᠢᠵᠢᠭᠤᠯᠬᠤ ᠭᠡᠷᠡᠭᠲᠡᠢ᠃ ᠠᠶᠦᠯᠬᠦᠢ ᠦᠢᠯᠡᠳᠪᠤᠷᠢᠯᠡᠯ ᠤᠨ ᠮᠡᠳᠡᠭᠡ ᠵᠠᠩᠬᠢᠵᠢᠯᠳᠠ ᠶᠢᠨ ᠪᠠᠶᠢᠭᠤᠯᠤᠯᠳᠠ ᠪᠠ ᠠᠶᠦᠯᠬᠦᠢ ᠦᠢᠯᠡᠳᠪᠤᠷᠢᠯᠡᠯ ᠤᠨ ᠤᠬᠠᠭᠤᠯᠭ᠎ᠠ ᠶᠢᠨ ᠠᠵᠢᠯ ᠢ ᠯᠠᠪᠳᠠᠭᠤᠨ ᠠᠬᠢᠭᠤᠯᠬᠤ ᠭᠡᠷᠡᠭᠲᠡᠢ ᠭᠡᠪᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011100001120989049