蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠳᠤ ᠤᠯᠤᠰ ᠤᠨ ᠵᠡᠷᠬᠡᠯᠡᠯ ᠤᠨ ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠪᠦᠰᠡ ᠪᠠᠶᠢᠭᠤᠯᠬᠤ ᠲᠤᠬᠠᠢ ᠰᠤᠳᠤᠯᠤᠨ ᠶᠠᠷᠢᠯᠴᠠᠬᠤ ᠬᠤᠷᠠᠯ ᠪᠤᠯᠪᠠ

2017-05-18 16:15

    5 ᠰᠠᠷ᠎ᠠ ᠶᠢᠨ 17 ᠤ ᠡᠳᠦᠷ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠤᠮᠤ ᠳ᠋ᠠᠢᠶ᠋ᠲ᠋ᠠ ᠶᠢᠨ ᠬᠦᠭᠵᠢᠭᠦᠯᠦᠯᠲᠡ ᠬᠠᠮᠢᠶᠠᠷᠤᠯᠲᠠ ᠶᠢᠨ ᠲᠤᠪᠴᠢᠶ᠎ᠠ ᠪᠠ ᠰᠢᠨᠬᠤᠧᠠ ᠬᠤᠷᠢᠶᠠᠨ ᠤ 《ᠳᠤᠮᠳᠠᠳᠤ ᠤᠯᠤᠰ ᠤᠨ ᠡᠳ᠋ ᠤᠨ ᠵᠠᠰᠠᠭ ᠰᠤᠷᠠᠭ ᠵᠠᠩᠬᠢ ᠶᠢᠨ ᠬᠤᠷᠢᠶ᠎ᠠ》 ᠬᠠᠮᠳᠤᠷᠠᠨ ᠪᠡᠭᠡᠵᠢᠩ ᠳᠦ ᠬᠠᠭᠠᠯᠲᠠᠲᠠᠢ ᠰᠤᠳᠤᠯᠤᠨ ᠶᠠᠷᠢᠯᠴᠠᠬᠤ ᠬᠤᠷᠠᠯ ᠬᠢᠵᠦ᠂ ᠦᠪᠦᠷ ᠮᠤᠩᠭᠤᠯ•ᠲᠤᠷᠭᠠᠨ ᠤ ᠵᠠᠮ ᠤᠨ ᠳ᠋ᠠᠶᠢᠲ᠋ᠠ ᠭᠠᠷᠠᠮ ᠤᠨ ᠪᠦᠲᠦᠭᠡᠨ ᠪᠠᠶᠢᠭᠤᠯᠤᠯᠲᠠ ᠶᠢᠨ ᠰᠡᠳᠬᠢᠮᠵᠢ ᠪᠠ ᠪᠠᠶᠢᠷᠢ ᠲᠤᠭᠲᠠᠭᠠᠯᠲᠠ᠂ ᠦᠪᠦᠷ ᠮᠤᠩᠭᠤᠯ ᠤᠨ ᠲᠤᠮᠤ ᠳ᠋ᠠᠶᠢᠲ᠋ᠠ ᠶᠢᠨ ᠳᠠᠭᠠᠭᠤᠯᠬᠤ ᠡᠭᠦᠷᠭᠡ ᠶᠢ ᠪᠠᠳᠠᠷᠠᠭᠤᠯᠬᠤ ᠵᠡᠷᠭᠡ ᠲᠠᠯ᠎ᠠ ᠪᠡᠷ ᠭᠦᠨᠵᠡᠭᠡᠢ ᠰᠤᠳᠤᠯᠤᠨ ᠶᠠᠷᠢᠯᠴᠠᠪᠠ᠃

    ᠬᠤᠷᠠᠯ ᠤᠨ ᠬᠤᠭᠤᠴᠠᠭᠠᠨ ᠳᠦ᠂ ᠦᠪᠡᠷᠲᠡᠭᠡᠨ ᠵᠠᠰᠠᠬᠤ ᠤᠷᠤᠨ ᠤ ᠲᠤᠮᠤ ᠳ᠋ᠠᠶᠢᠲ᠋ᠠ ᠶᠢᠨ ᠬᠦᠭᠵᠢᠭᠦᠯᠦᠯᠲᠡ ᠬᠠᠮᠢᠶᠠᠷᠤᠯᠲᠠ ᠶᠢᠨ ᠲᠤᠪᠴᠢᠶ᠎ᠠ ᠪᠠ ᠰᠢᠨᠬᠤᠧᠠ ᠬᠤᠷᠢᠶᠠᠨ ᠤ 《ᠳᠤᠮᠳᠠᠳᠤ ᠤᠯᠤᠰ ᠤᠨ ᠡᠳ᠋ ᠤᠨ ᠵᠠᠰᠠᠭ ᠰᠤᠷᠠᠭ ᠵᠠᠩᠬᠢ ᠶᠢᠨ ᠬᠤᠷᠢᠶ᠎ᠠ》 ᠨᠢ ᠪᠠᠶᠢᠯᠳᠤᠬᠤ ᠪᠤᠳᠤᠯᠭ᠎ᠠ ᠶᠢᠨ ᠬᠠᠮᠲᠤ ᠶᠢᠨ ᠠᠵᠢᠯᠯᠠᠭᠠᠨ ᠤ ᠬᠡᠯᠡᠯᠴᠡᠬᠡᠷ ᠲᠤ ᠭᠠᠷ ᠤᠨ ᠦᠰᠦᠭ ᠵᠢᠷᠦᠵᠦ᠂ ᠬᠤᠶᠠᠷ ᠲᠠᠯ᠎ᠠ ᠶᠢᠨ ᠬᠢᠨ ᠲᠤᠷᠭᠠᠨ ᠤ ᠵᠠᠮ ᠤᠨ ᠳ᠋ᠠᠶᠢᠲ᠋ᠠ ᠭᠠᠷᠠᠮ ᠤᠨ ᠣᠯᠠᠨ ᠤᠯᠤᠰ ᠤᠨ ᠳᠡᠭᠡᠳᠦ ᠲᠦᠪᠰᠢᠨ ᠦ ᠹᠤᠷᠦ᠋ᠮ᠂ ᠲᠤᠷᠭᠠᠨ ᠤ ᠵᠠᠮ ᠤᠨ ᠳ᠋ᠠᠶᠢᠲ᠋ᠠ ᠭᠠᠷᠠᠮ ᠤᠨ ᠳᠡᠳ᠋ ᠪᠦᠲᠦᠴᠡ ᠶᠢᠨ ᠪᠦᠲᠦᠭᠡᠨ ᠪᠠᠶᠢᠭᠤᠯᠤᠯᠲᠠ ᠵᠢᠴᠢ ᠠᠰᠢᠭᠯᠠᠯᠲᠠ᠂ ᠲᠤᠮᠤ ᠳ᠋ᠠᠶᠢᠲ᠋ᠠ ᠶᠢᠨ ᠰᠤᠷᠳᠠᠯ ᠤᠬᠠᠭᠤᠯᠭ᠎ᠠ ᠶᠢᠨ ᠠᠵᠢᠯ ᠤᠨ ᠲᠦᠰᠦᠯ᠂ ᠲᠤᠮᠤ ᠳ᠋ᠠᠶᠢᠲ᠋ᠠ ᠶᠢᠨ ᠲᠤᠰᠬᠠᠢ ᠰᠡᠳᠦᠪᠲᠦ ᠰᠤᠳᠤᠯᠭᠠᠨ ᠬᠢᠭᠡᠳ ᠤᠶᠤᠨ ᠤ ᠬᠦᠮᠦᠷᠬᠡ ᠶᠢᠨ ᠦᠢᠯᠡᠴᠢᠯᠡᠭᠡ ᠵᠡᠷᠭᠡ ᠲᠠᠯ᠎ᠠ ᠪᠡᠷ ᠭᠦᠨᠵᠡᠭᠡᠢ ᠬᠠᠮᠲᠤ ᠶᠢᠨ ᠠᠵᠢᠯᠯᠠᠭ᠎ᠠ ᠦᠷᠨᠢᠭᠦᠯᠦᠨ᠂ ᠦᠪᠦᠷ ᠮᠤᠩᠭᠤᠯ ᠳᠤ ᠤᠯᠤᠰ ᠤᠨ ᠵᠡᠷᠬᠡᠯᠡᠯ ᠤᠨ ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠪᠦᠰᠡ ᠪᠠᠶᠢᠭᠤᠯᠵᠤ ᠬᠦᠭᠵᠢᠬᠦᠯᠬᠦ ᠶᠢ ᠬᠠᠮᠲᠤᠪᠠᠷ ᠠᠭᠢᠭᠤᠯᠵᠦ᠂ ᠳᠤᠮᠳᠠᠳᠤ ᠤᠯᠤᠰ ᠤᠨ ᠲᠤᠮᠤ ᠳ᠋ᠠᠶᠢᠲ᠋ᠠ ᠶᠢᠨ ᠲᠦᠪ᠂ ᠲᠤᠷᠭᠠᠨ ᠤ ᠵᠠᠮ ᠤᠨ ᠳ᠋ᠠᠶᠢᠲ᠋ᠠ ᠭᠠᠷᠠᠮ᠂ ᠳ᠋ᠠᠶᠢᠲ᠋ᠠᠴᠢᠯᠠᠭᠰᠠᠨ ᠵᠠᠰᠠᠭ ᠤᠨ ᠤᠷᠳᠤᠨ ᠤ ᠤᠷᠢᠳᠴᠢᠯᠠᠨ ᠳᠤᠷᠰᠢᠬᠤ ᠪᠦᠰᠡ᠂ ᠠᠵᠦ ᠦᠢᠯᠡᠰ ᠤᠨ ᠠᠭᠤᠰᠤᠯᠴᠠᠭᠰᠠᠨ ᠬᠦᠭᠵᠢᠯᠲᠡ ᠶᠢ ᠤᠳᠤᠷᠢᠳᠬᠤ ᠪᠦᠰᠡ᠂ ᠳᠡᠯᠡᠬᠡᠢ ᠶᠢᠨ ᠵᠡᠷᠭᠡᠯᠡᠯ ᠤᠨ ᠲᠤᠮᠤ ᠳ᠋ᠠᠶᠢᠲ᠋ᠠ ᠶᠢᠨ ᠠᠵᠦ ᠦᠢᠯᠡᠰ ᠤᠨ ᠰᠠᠭᠤᠷᠢᠨ ᠢ ᠴᠢᠷᠮᠠᠶᠢᠨ ᠪᠠᠶᠢᠭᠤᠯᠵᠦ᠂ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠨᠡᠮᠡᠭᠳᠡᠯ ᠪᠠ ᠵᠠᠭᠪᠤᠷ ᠢᠶᠡᠨ ᠦᠬᠡᠷᠡᠴᠢᠯᠡᠵᠤ ᠵᠡᠷᠬᠡᠯᠡᠯ ᠳᠡᠪᠰᠢᠬᠦᠯᠬᠦ ᠳᠦ ᠳᠠᠰᠤᠷᠠᠯᠳᠠ ᠦᠬᠡᠢ ᠰᠢᠨ᠎ᠡ ᠬᠦᠳᠡᠯᠭᠡᠭᠴᠢ ᠬᠦᠴᠦᠨ ᠬᠠᠩᠭᠠᠵᠦ᠂ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠠᠶᠠᠷᠯᠠᠨ ᠳᠡᠮᠳᠡᠭᠯᠡᠬᠦ ᠳᠤ ᠰᠢᠨ᠎ᠡ ᠬᠤᠪᠢ ᠨᠡᠮᠡᠷᠢ ᠦᠵᠡᠬᠦᠯᠦᠨ᠎ᠡ᠃ (ᠳᠠᠳᠤᠯᠭ᠎ᠠ ᠶᠢᠨ ᠰᠤᠷᠤᠭᠴᠢ ᠲᠠᠨ᠎ᠠ ᠤᠷᠴᠢᠭᠤᠯᠪᠠ)

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120701120995833