蒙古文网站Logo
ᠰᠢᠨᠬᠤᠸᠠ ᠮᠤᠩᠭ᠋ᠤᠯ ᠨᠧᠲ

《ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠠᠶᠠᠷᠯᠠᠨ ᠲᠡᠮᠳᠡᠭᠯᠡᠬᠦ ᠳᠠᠭᠤᠤ ᠬᠦᠭᠵᠢᠮ  ᠤᠨ ᠪᠦᠲᠦᠭᠡᠯ ᠡᠯᠰᠡᠬᠦ ᠠᠵᠢᠯᠯᠠᠭ᠎ᠠ》 ᠳ᠋ᠦ ᠰᠤᠩᠭᠤᠭᠳᠠᠭᠰᠠᠨ ᠪᠦᠲᠦᠭᠡᠯ ᠢ ᠨᠡᠶᠢᠲᠡᠯᠡᠪᠡ

2017-05-19 10:26

    ᠲᠦᠷᠦᠭᠦᠬᠡᠨ᠂《ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠠᠶᠠᠷᠯᠠᠨ ᠲᠡᠮᠳᠡᠭᠯᠡᠬᠦ ᠳᠠᠭᠤᠤ ᠬᠦᠭᠵᠢᠮ  ᠤᠨ ᠪᠦᠲᠦᠭᠡᠯ ᠡᠯᠰᠡᠬᠦ ᠠᠵᠢᠯᠯᠠᠭ᠎ᠠ》 ᠳ᠋ᠦ ᠰᠤᠩᠭᠤᠭᠳᠠᠭᠰᠠᠨ ᠪᠦᠲᠦᠭᠡᠯ ᠢ ᠨᠡᠶᠢᠲᠡᠯᠡᠪᠡ᠂ 《ᠮᠢᠨᠤ ᠨᠤᠲᠤᠭ ᠦᠪᠦᠷ ᠮᠤᠩᠭᠤᠯ》᠂ 《ᠬᠠᠢᠢᠷ᠎ᠠ ᠰᠢᠡᠭᠭᠡᠭᠰᠡᠨ ᠦᠪᠦᠷ ᠮᠤᠩᠭᠤᠯ 》ᠵᠡᠷᠭᠡ 35 ᠳᠠᠭᠤᠦ ᠰᠤᠩᠭᠤᠭᠳᠠᠪᠠ᠃

    ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠠᠶᠠᠷᠯᠠᠨ ᠲᠡᠮᠳᠡᠭᠯᠡᠵᠦ᠂ ᠪᠠᠶᠠᠷ ᠤᠨ ᠡᠳᠦᠷ ᠤᠨ ᠦᠯᠵᠡᠶᠢᠲᠦ ᠠᠭᠤᠷ ᠠᠮᠢᠰᠬᠤᠯ ᠢ ᠪᠤᠢ ᠪᠤᠯᠭᠠᠬᠤ ᠶᠢᠨ ᠲᠦᠯᠦᠭᠡ᠂ 2016 ᠤᠨ ᠤ 8 ᠰᠠᠷ᠎ᠠ ᠡᠴᠡ ᠡᠬᠢᠯᠡᠨ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠳᠤᠮᠳᠠᠳᠤ ᠤᠯᠤᠰ ᠤᠨ ᠬᠦᠭᠵᠢᠮᠴᠢᠳ ᠤᠨ ᠨᠡᠶᠢᠭᠡᠮᠯᠢᠭ᠂ ᠦᠪᠦᠷ ᠮᠤᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠦᠪᠦᠷ ᠮᠤᠩᠭᠤᠯ ᠤᠨ ᠷᠠᠳᠢᠣ᠋ ᠲᠧᠯᠧᠶ᠋ᠰ ᠬᠤᠷᠢᠶ᠎ᠠ ᠡᠴᠡ ᠰᠠᠨᠠᠭᠠᠴᠢᠯᠠᠵᠦ᠂ ᠦᠪᠦᠷ ᠮᠤᠩᠭᠤᠯ ᠤᠨ ᠬᠦᠭᠵᠢᠮᠴᠢᠳ ᠤᠨ ᠨᠡᠶᠢᠭᠡᠮᠯᠢᠭ ᠡᠴᠡ ᠵᠤᠬᠢᠶᠠᠨ ᠪᠠᠶᠢᠭᠤᠯᠤᠭᠰᠠᠨ《ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠠᠶᠠᠷᠯᠠᠨ ᠲᠡᠮᠳᠡᠭᠯᠡᠬᠦ ᠳᠠᠭᠤᠤ ᠬᠦᠭᠵᠢᠮ  ᠤᠨ ᠪᠦᠲᠦᠭᠡᠯ ᠡᠯᠰᠡᠬᠦ ᠠᠵᠢᠯᠯᠠᠭ᠎ᠠ》ᠪᠤᠯᠪᠠ᠃

    ᠵᠤᠬᠢᠶᠠᠨ ᠪᠠᠶᠢᠭᠤᠯᠤᠭᠰᠠᠨ ᠳᠠᠯ᠎ᠠ ᠶᠢᠨ ᠮᠡᠷᠭᠡᠵᠢᠯᠲᠡᠨ ᠤ ᠬᠢᠨᠠᠯᠲᠠ ᠪᠡᠷ᠂ 500 ᠭᠠᠷᠤᠢ ᠡᠯᠰᠡᠭᠰᠡᠨ ᠪᠦᠲᠦᠭᠡᠯ ᠡᠴᠡ 《ᠮᠢᠨᠤ ᠨᠤᠲᠤᠭ ᠦᠪᠦᠷ ᠮᠤᠩᠭᠤᠯ》᠂ 《ᠬᠠᠢᠢᠷ᠎ᠠ ᠰᠢᠡᠭᠭᠡᠭᠰᠡᠨ ᠦᠪᠦᠷ ᠮᠤᠩᠭᠤᠯ 》ᠵᠡᠷᠭᠡ 35 ᠳᠠᠭᠤᠦ (ᠡᠭᠦᠨ ᠳᠦ᠂ 14 ᠮᠤᠩᠭᠤᠯ ᠳᠠᠭᠤᠤ᠂ 21 ᠬᠢᠲᠠᠳ ᠳᠠᠭᠤᠤ ᠪᠠᠭᠲᠠᠨ᠎ᠠ) ᠰᠤᠩᠭᠤᠭᠳᠠᠪᠠ᠃ ᠡᠳᠡᠭᠡᠷ ᠪᠦᠲᠦᠭᠡᠯ ᠤᠨ ᠭᠤᠤᠯ ᠰᠡᠳᠦᠪ ᠨᠢ ᠳᠤᠳᠤᠷᠬᠠᠢ᠂ ᠬᠡᠯᠪᠡᠷᠢ ᠮᠠᠶ᠊ᠢᠭ ᠨᠢ ᠤᠯᠠᠨ ᠶᠠᠩᠵᠦ ᠶᠢᠨ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠡᠴᠡ ᠨᠠᠭᠠᠰᠢᠬᠢ ᠦᠭᠡᠷᠡᠴᠢᠯᠡᠯᠲᠡ ᠬᠦᠭᠵᠢᠯᠲᠡ ᠶᠢᠨ ᠭᠡᠷᠡᠯ ᠰᠠᠴᠤᠷᠠᠩᠭᠤᠢ ᠲᠡᠥᠬᠡᠨ ᠶᠠᠪᠤᠴᠠ ᠶᠢ ᠠᠳᠠᠯᠢ ᠪᠤᠰᠤ ᠲᠠᠯ᠎ᠠ ᠡᠴᠡ ᠮᠠᠭᠲᠠᠨ ᠳᠠᠭᠤᠯᠠᠵᠦ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠯ᠎ᠡ ᠦᠨᠳᠦᠰᠦᠲᠡᠨ ᠤ ᠪᠦᠯᠬᠦᠮᠳᠡᠨ ᠲᠡᠮᠡᠴᠡᠵᠦ᠂ ᠰᠠᠬᠢᠨ ᠪᠠᠷᠠᠯᠠᠵᠤ ᠬᠠᠷᠢᠯᠴᠠᠨ ᠳᠤᠰᠠᠯᠠᠬᠤ᠂ ᠤᠮᠠᠷᠠᠳᠤ ᠬᠢᠵᠠᠭᠠᠷ ᠤᠨ ᠦᠵᠡᠰᠬᠦᠯᠡᠩᠳᠤ ᠦᠵᠡᠮᠦᠷᠢ ᠶᠢᠨ ᠪᠦᠰᠡ ᠶᠢ ᠪᠠᠶᠢᠭᠤᠯᠬᠤ ᠵᠤᠷᠢᠭ ᠰᠠᠨᠠᠭᠠᠨ ᠤ ᠳᠦᠷᠢ ᠳᠦᠷᠬᠦ ᠶᠢ ᠲᠤᠰᠬᠠᠪᠠ᠃(ᠳᠠᠳᠤᠯᠭ᠎ᠠ ᠶᠢᠨ ᠰᠤᠷᠤᠭᠴᠢ ᠲᠠᠨ᠎ᠠ ᠤᠷᠴᠢᠭᠤᠯᠪᠠ)

ᠢᠷᠡᠯᠳᠡ᠄ ᠦᠪᠦᠷ ᠮᠤᠩᠭ᠋ᠤᠯ ᠤᠨ ᠰᠤᠨᠢᠨ ᠮᠡᠳᠡᠬᠡ ᠶᠢᠨ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120701121000649