蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠨᠠᠵᠢ ᠤᠢ ᠰᠢᠭᠤᠢ ᠳᠤ ᠵᠤᠯᠭᠠᠭᠰᠠᠨ ᠲᠦᠢᠮᠡᠷ ᠤᠨ ᠲᠠᠯᠠᠪᠠᠢ 8000 ᠾᠧᠺᠲ᠋ᠠᠷ ᠢ ᠳᠠᠪᠠᠪᠠ

2017-05-19 18:15

    ᠰᠢᠨᠬᠤᠧᠠ ᠬᠤᠷᠢᠶ᠎ᠠ   ᠬᠦᠬᠡᠬᠤᠲᠠ ᠶᠢᠨ 5 ᠰᠠᠷ᠎ᠠ ᠶᠢᠨ 19 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠽᠧᠦ ᠵᠢᠶᠠᠨ ᠫᠦ᠋ ) ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠰᠠᠬᠤ ᠤᠷᠤᠨ ᠤ ᠭᠠᠯ ᠰᠡᠷᠭᠡᠶᠢᠯᠡᠬᠦ ᠶᠢ ᠤᠳᠤᠷᠢᠳᠬᠤ ᠠᠯᠪᠠ ᠪᠠ ᠬᠦᠯᠦᠨ ᠪᠤᠶᠢᠷ ᠬᠤᠲᠠ ᠶᠢᠨ ᠬᠠᠮᠢᠶ᠎ᠠ ᠪᠦᠬᠦᠢ ᠪᠠᠶᠢᠭᠤᠯᠤᠯᠭ᠎ᠠ ᠡᠴᠡ ᠤᠶᠢᠯᠠᠭᠠᠭᠰᠠᠨ ᠢᠶᠡᠷ᠂ ᠰᠤᠷᠪᠤᠯᠵᠢᠯᠠᠠᠭᠴᠢ ᠶᠢᠨ ᠮᠡᠳᠡᠭᠡ ᠨᠡᠶᠢᠲᠡᠯᠡᠬᠦ ᠪᠤᠯᠳᠠᠯ᠎ᠠ᠂ ᠬᠦᠯᠦᠨ ᠪᠤᠶᠢᠷ ᠬᠤᠲᠠ ᠶᠢᠨ ᠨᠠᠵᠢ ᠤᠢ ᠰᠢᠭᠤᠢ ᠶᠢᠨ ᠲᠠᠯᠠᠪᠠᠢ ᠳᠤ ᠵᠤᠯᠭᠠᠭᠰᠠᠨ ᠲᠦᠢᠮᠡᠷ ᠤᠨ ᠲᠠᠯᠠᠪᠠᠢ 8400 ᠾᠧᠺᠲ᠋ᠠᠷ ᠲᠤ ᠬᠦᠷᠴᠡᠢ᠃ ᠭᠠᠯ ᠰᠡᠷᠭᠡᠶᠢᠯᠡᠬᠦ ᠬᠡᠯᠲᠡᠰ ᠪᠠ ᠭᠠᠵᠠᠷ ᠤᠷᠤᠨ 7 ᠨᠢᠰᠬᠦ ᠤᠩᠭᠤᠴᠠ ᠲᠤᠮᠢᠯᠠᠨ ᠭᠠᠯ ᠢ ᠤᠨᠲᠠᠷᠠᠭᠠᠵᠦ᠂ 10᠄ 30 ᠴᠠᠭ ᠪᠤᠯᠲᠠᠯ᠎ᠠ ᠭᠠᠯ ᠤᠨᠲᠠᠷᠠᠭᠠᠬᠤ ᠳᠦ ᠤᠷᠤᠯᠴᠠᠭᠰᠠᠨ ᠬᠦᠮᠦᠨ ᠤ ᠲᠤᠭ᠎ᠠ 8230 ᠬᠦᠷᠴᠦ᠂ ᠡᠭᠦᠨ ᠳᠦ ᠲᠦᠢᠮᠡᠷ ᠤᠨ ᠲᠠᠯᠠᠪᠤᠷ ᠳᠡᠬᠢ ᠴᠡᠷᠢᠭ᠌ ᠤᠨ ᠬᠦᠴᠦᠨ 4000 ᠭᠠᠷᠤᠢ ᠳᠤ ᠬᠦᠷᠪᠡ᠃

    ᠤᠳᠤᠬᠠᠨ ᠳᠦ᠂ ᠲᠦᠢᠮᠡᠷ ᠤᠨ ᠲᠠᠯᠠᠪᠤᠷ ᠤᠨ ᠡᠮᠦᠨ᠎ᠡ ᠱᠤᠭᠤᠮ ᠳᠦ 10 ᠺᠢᠯᠤᠮᠧᠲ᠋ᠷ ᠪᠠ ᠤᠮᠠᠷ᠎ᠠ ᠱᠤᠭᠤᠮ ᠳᠦ 4 ᠺᠢᠯᠤᠮᠧᠲ᠋ᠷ ᠲᠠᠰᠤᠭ ᠪᠤᠰᠤᠭ ᠦᠷᠬᠦᠯᠵᠢᠯᠡᠭᠰᠡᠨ ᠭᠠᠯ ᠤᠨ ᠴᠤᠭ ᠲᠠᠢ᠃ ᠲᠦᠢᠮᠡᠷ ᠤᠨ ᠲᠠᠯᠠᠪᠠᠢ 5 ᠰᠠᠷ᠎ᠠ ᠶᠢᠨ 18 ᠤ ᠡᠳᠦᠷ ᠤᠨ ᠰᠦᠨᠢ 2400 ᠾᠧᠺᠲ᠋ᠠᠷ ᠨᠡᠮᠡᠭᠳᠡᠨ᠂ ᠡᠭᠦᠨ ᠳᠦ᠂ ᠡᠮᠦᠨ᠎ᠡ ᠱᠤᠭᠤᠮ ᠳᠦ 1600 ᠾᠧᠺᠲ᠋ᠠᠷ᠂ ᠤᠮᠠᠷ᠎ᠠ ᠱᠤᠭᠤᠮ ᠳᠦ 800 ᠾᠧᠺᠲ᠋ᠠᠷ ᠨᠡᠮᠡᠭᠳᠡᠪᠡ᠃ ᠲᠦᠢᠮᠡᠷ ᠤᠨ ᠪᠠᠶᠢᠳᠠᠯ ᠢ ᠦᠨᠳᠦᠰᠦᠯᠡᠨ᠂ ᠤᠯᠤᠰ ᠤᠨ ᠤᠢ ᠰᠢᠭᠤᠢ ᠶᠢᠨ ᠭᠠᠯ ᠰᠡᠷᠭᠡᠶᠢᠯᠡᠬᠦ ᠤᠳᠤᠷᠢᠳᠬᠤ ᠠᠯᠪᠠ ᠨᠢᠭᠡᠨᠲᠡ《ᠤᠢ ᠰᠢᠭᠤᠢ ᠶᠢᠨ ᠭᠠᠯ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠲᠦᠰᠦᠪ》II ᠵᠡᠷᠭᠡᠯᠡᠯ ᠤᠨ ᠠᠵᠢᠯᠯᠠᠭ᠎ᠠ ᠶᠢ ᠡᠬᠢᠯᠡᠬᠦᠯᠪᠡ ᠃ (ᠳᠠᠳᠤᠯᠭ᠎ᠠ ᠶᠢᠨ ᠰᠤᠷᠤᠭᠴᠢ ᠲᠠᠨ᠎ᠠ ᠤᠷᠴᠢᠭᠤᠯᠪᠠ) 

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120701121003956