蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠬᠡᠪᠴᠢᠶ᠎ᠠ ᠪᠡᠷ ᠬᠠᠮᠤᠭ ᠤᠨ ᠶᠡᠬᠡ ᠡᠮᠴᠢᠯᠡᠭᠡᠨ ᠤ ᠨᠢᠭᠡᠳᠦᠮᠡᠯ ᠴᠤᠭᠴᠠ ᠶᠢᠨ ᠡᠭᠦᠯᠠᠨ ᠲᠤᠭᠠᠴᠠᠭᠠᠯᠠᠯᠲᠠ ᠶᠢᠨ ᠲᠠᠪᠴᠠᠩ ᠠᠰᠢᠭᠯᠠᠯᠲᠠ ᠳᠤ ᠤᠷᠤᠯ᠎ᠠ

2017-05-26 17:11

    5 ᠰᠠᠷ᠎ᠠ ᠶᠢᠨ 25 ᠤ ᠦᠳᠡ ᠶᠢᠨ ᠡᠮᠦᠨ᠎ᠠ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ168 ᠨᠢᠭᠡᠳᠦᠮᠡᠯ ᠴᠤᠬᠴᠠ  ᠶᠢᠨ ᠬᠠᠷᠢᠶᠠᠲᠤ ᠡᠮᠨᠡᠯᠭᠡ ᠶᠢᠨ ᠳᠠᠷᠤᠭ᠎ᠠ ᠨᠠᠷ ᠵᠢᠴᠢ ᠲᠦᠯᠦᠭᠡᠯᠡᠭᠴᠢᠳ ᠬᠦᠬᠡᠬᠤᠲᠠ ᠳᠤ ᠬᠤᠷᠠᠨ ᠴᠤᠭᠯᠠᠷᠠᠵᠤ᠂ ᠲᠤᠰ ᠡᠮᠨᠡᠯᠭᠡ ᠶᠢᠨ ᠢᠨᠲ᠋ᠸᠷᠨ᠋ᠸᠲ + ᠡᠮᠴᠢᠯᠡᠭᠡᠨ ᠤ ᠡᠷᠡᠭᠦᠯ ᠮᠡᠨᠲᠤ ᠶᠢᠨ ᠡᠭᠦᠯᠠᠨ ᠲᠤᠭᠠᠴᠠᠭᠠᠯᠠᠯᠲᠠ ᠶᠢᠨ ᠲᠠᠪᠴᠠᠩ ᠠᠰᠢᠭᠯᠠᠯᠲᠠ ᠳᠤ ᠤᠷᠤᠭᠰᠠᠨ ᠢ ᠬᠠᠮᠲᠤᠪᠠᠷ ᠺᠡᠷᠡᠴᠢᠯᠠᠪᠠ᠃

    ᠲᠤᠰ ᠲᠠᠪᠴᠠᠩ ᠤᠷᠤᠨ ᠳᠠᠶᠠᠭᠠᠷ ᠤᠨ ᠬᠡᠪᠴᠢᠶ᠎ᠠ ᠪᠡᠷ ᠬᠠᠮᠤᠭ ᠤᠨ ᠶᠡᠬᠡ ᠡᠮᠴᠢᠯᠡᠭᠡᠨ ᠤ ᠨᠢᠭᠡᠳᠦᠮᠡᠯ ᠴᠤᠭᠴᠠ ᠶᠢᠨ ᠡᠭᠦᠯᠠᠨ ᠲᠤᠭᠠᠴᠠᠭᠠᠯᠠᠯᠲᠠ ᠶᠢᠨ ᠲᠠᠪᠴᠠᠩ ᠪᠤᠯᠤᠯ᠎ᠠ᠃ ᠲᠤᠰ ᠲᠠᠪᠴᠠᠩ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠤᠷᠤᠨ ᠳᠠᠶᠠᠭᠠᠷ ᠤᠨ ᠡᠯ᠎ᠠ ᠪᠦᠰᠡ ᠨᠤᠲᠤᠭ ᠤᠨ ᠡᠪᠡᠳᠴᠢᠲᠡᠨ ᠡᠨᠡᠬᠦ ᠲᠠᠪᠴᠠᠩ ᠳᠤ ᠭᠠᠷᠤᠭᠠᠳ ᠡᠮᠴᠢᠯᠡᠭᠡᠨ ᠤ ᠨᠢᠭᠡᠳᠦᠮᠡᠯ ᠴᠤᠭᠴᠠ ᠶᠢᠨ ᠳᠤᠷ᠎ᠠ ᠶᠢᠨ ᠨᠢᠭᠡᠨ ᠡᠮᠨᠡᠯᠭᠡ ᠡᠴᠡ ᠨᠸᠲ ᠢᠶᠡᠷ ᠯᠠᠪᠯᠠᠬᠤ᠂ ᠤᠲᠠᠰᠤ ᠪᠡᠷ ᠬᠠᠷᠢᠯᠴᠠᠬᠤ᠂ ᠳ᠋ᠤᠭᠠᠷ ᠪᠤᠯᠵᠤᠬᠤ᠂ ᠰᠢᠨᠵᠢᠯᠡᠭᠡᠨ ᠤ ᠮᠡᠳᠡᠭᠦᠯᠦᠯᠲᠠ ᠪᠡᠨ ᠯᠠᠪᠯᠠᠬᠤ᠂ ᠨᠸᠲ ᠢᠶᠡᠷ ᠲᠦᠯᠦᠪᠦᠷᠢ ᠲᠤᠰᠢᠶᠠᠬᠤ ᠵᠡᠷᠭᠡ ᠦᠢᠯᠡᠴᠢᠯᠡᠭᠡ ᠬᠦᠷᠲᠡᠵᠤ ᠪᠤᠯᠤᠨ᠎ᠠ᠃ ᠡᠮᠴᠢ ᠡᠴᠡ ᠡᠪᠡᠳᠴᠢᠲᠡᠨ ᠳᠤ ᠰᠢᠯᠵᠢᠭᠦᠯᠦᠨ ᠡᠮᠴᠢᠯᠡᠬᠦ᠂ ᠨᠡᠭᠦᠳᠡᠯᠯᠠᠨ ᠡᠮᠴᠢᠯᠡᠬᠦ᠂ ᠰᠢᠨᠵᠢᠯᠡᠭᠡᠨ  ᠤ ᠮᠡᠳᠡᠭᠦᠯᠦᠯᠲᠡ ᠶᠢ ᠵᠠᠳᠠᠯᠠᠬᠤ᠂ ᠵᠤᠷ ᠪᠢᠴᠢᠬᠦ ᠵᠡᠷᠭᠡ ᠡᠮᠴᠢᠯᠡᠭᠡᠨ ᠤ ᠦᠢᠯᠡᠴᠢᠯᠡᠭᠡ ᠬᠠᠩᠭ᠋ᠠᠨ᠎ᠠ᠃ ᠡᠭᠦᠨ ᠤ ᠬᠠᠮᠲᠤ᠂ ᠡᠮᠨᠡᠯᠭᠡ ᠤᠳ ᠬᠤᠭᠤᠷᠤᠨᠲᠤ ᠪᠡᠨ ᠪᠠᠰᠠ ᠡᠨᠡᠬᠦ ᠲᠠᠪᠴᠠᠩ ᠢᠶᠡᠷ ᠳᠠᠮᠵᠢᠨ ᠠᠵᠢᠯ ᠮᠡᠷᠭᠡᠵᠢᠯ ᠤᠨ ᠰᠤᠯᠢᠯᠴᠠᠭ᠎ᠠ ᠪᠤᠯᠤᠨ ᠬᠠᠮᠲᠤᠷᠠᠯᠴᠠᠭ᠎ᠠ ᠪᠡᠨ ᠴᠢᠩᠭ᠋ᠠᠳᠬᠠᠵᠤ ᠪᠤᠯᠤᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121044152