蒙古文网站Logo
ᠰᠢᠨᠬᠤᠸᠠ ᠮᠤᠩᠭ᠋ᠤᠯ ᠨᠧᠲ

ᠤᠷᠤᠨ ᠲᠠᠶᠠᠭᠠᠷ ᠤᠨ ᠪᠠᠭᠠᠴᠤᠳ ᠬᠡᠤᠬᠡᠳ ᠤᠨ ᠤᠷᠠᠠ ᠪᠢᠴᠢᠯᠭᠡ ᠤᠷᠠᠨ ᠵᠢᠷᠤᠭ ᠤᠨ ᠤᠷᠤᠯᠳᠤᠭᠠᠨ ᠤ ᠪᠦᠳᠦᠭᠡᠯ ᠤᠨ ᠦᠵᠡᠰᠭᠦᠯᠡᠡᠭ ᠡᠬᠢᠯᠡᠪᠡ

2017-05-29 12:19

    5 ᠰᠠᠷ᠎ᠠ ᠵᠢᠨ 28 ᠤ ᠡᠳᠦᠷ᠂《ᠬᠡᠤᠬᠡᠳ ᠤᠳ ᠨᠠᠮ ᠶᠢᠡᠨ ᠲᠠᠭᠠᠵᠤ ᠢᠷᠡᠭᠡᠳᠦᠢ ᠪᠠᠨ ᠴᠤᠬᠴᠠᠯᠠᠨ᠎ᠠ》ᠭᠡᠮᠡᠭᠦ ᠭᠤᠤᠯ ᠰᠡᠳᠦᠪᠳᠦ ᠤᠷᠤᠨ ᠲᠠᠶᠠᠭᠠᠷ ᠤᠨ ᠡᠯ᠎ᠠ ᠦᠨᠳᠦᠰᠦᠳᠡᠨ ᠤ ᠪᠠᠭᠠᠴᠤᠳ ᠬᠡᠤᠬᠡᠳ ᠤᠨ ᠤᠷᠠᠠ ᠪᠢᠴᠢᠯᠭᠡ ᠤᠷᠠᠨ ᠵᠢᠷᠤᠭ ᠤᠨ ᠤᠷᠤᠯᠳᠤᠭᠠᠨ ᠤ ᠪᠦᠳᠦᠭᠡᠯ ᠤᠨ ᠦᠵᠡᠰᠭᠦᠯᠡᠡᠭ ᠦᠪᠤᠷ ᠮᠤᠡᠭᠭᠤᠯ ᠤᠨ ᠤᠷᠠᠨ ᠵᠢᠷᠤᠭ ᠤᠨ ᠤᠷᠳᠤᠨ ᠳᠦ ᠡᠬᠢᠯᠡᠪᠡ᠂ ᠦᠵᠡᠰᠬᠦᠯᠡᠩ ᠨᠢ ᠨᠡᠶᠢᠳᠡ 7 ᠡᠳᠦᠷ ᠤᠨ ᠬᠤᠭᠤᠴᠠᠭ᠎ᠠ ᠲᠠᠢ ᠶᠠᠪᠤᠭᠳᠠᠨ᠎ᠠ᠃

    ᠍ᠤᠶᠢᠯᠠᠭᠠᠭᠰᠠᠨ ᠢᠶᠡᠷ᠂ ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠭᠳᠤᠵᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠳᠡᠮᠳᠡᠭᠯᠡᠬᠦ ᠵᠤᠷᠢᠯᠭ᠎ᠠ ᠪᠡᠷ ᠵᠤᠬᠢᠶᠠᠨ ᠪᠠᠶᠢᠭᠤᠯᠤᠭᠰᠠᠨ ᠡᠨᠡᠬᠦ ᠤᠷᠤᠯᠳᠤᠭᠠᠨ ᠢᠶᠡᠷ ᠡᠯ᠎ᠡ ᠦᠨᠳᠦᠰᠦᠳᠡᠨ ᠤ ᠪᠠᠭᠠᠴᠤᠳ ᠬᠡᠤᠬᠡᠳ ᠤᠨ 17000 ᠭᠠᠷᠤᠢ ᠰᠢᠯᠢᠳᠡᠭ ᠤᠷᠠᠠ ᠪᠢᠴᠢᠯᠭᠡ ᠤᠷᠠᠨ ᠵᠢᠷᠤᠭ ᠤᠨ ᠪᠦᠳᠦᠭᠡᠯ ᠢ ᠬᠤᠷᠢᠶᠠᠨ ᠤᠯᠵᠤ᠂ ᠰᠢᠯᠭᠠᠷᠠᠭᠤᠯᠤᠯᠳᠠ ᠪᠠᠷ ᠲᠠᠮᠵᠢᠨ ᠬᠢᠳᠡᠳ ᠵᠢᠷᠤᠭ᠂ ᠲᠤᠰᠤᠨ ᠵᠢᠷᠤᠭ᠂ ᠪᠠᠷ ᠵᠢᠷᠤᠭ ᠢ ᠪᠠᠬᠳᠠᠭᠠᠬᠰᠠᠨ 700 ᠭᠠᠷᠤᠢ ᠰᠤᠳᠤᠨ ᠪᠦᠳᠤᠭᠡᠯ ᠢ ᠰᠢᠯᠭᠠᠷᠠᠭᠤᠯᠵᠤ᠂ ᠦᠵᠡᠰᠬᠦᠯᠡᠩ ᠢᠶᠡᠷ 400 ᠭᠠᠷᠤᠢ ᠪᠦᠳᠦᠬᠡᠯ ᠢ ᠲᠡᠯᠭᠡᠨ ᠦᠵᠡᠬᠦᠯᠵᠡᠢ᠃

ᠢᠷᠡᠯᠳᠡ᠄ ᠦᠪᠦᠷ ᠮᠤᠩᠭᠤᠯ ᠤᠨ ᠰᠤᠨᠢᠨ ᠮᠡᠳᠡᠬᠡ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011120701121055252