蒙古文网站Logo
ᠰᠢᠨᠬᠤᠸᠠ ᠮᠤᠩᠭ᠋ᠤᠯ ᠨᠧᠲ

ᠠᠩᠬᠠᠲᠤᠭᠠᠷ ᠬᠤᠭᠤᠴᠠᠭᠠᠨ ᠤ ᠭᠤᠷᠯᠤᠰ ᠨᠠᠭᠠᠲᠤᠮ ᠠᠮᠵᠢᠯᠲᠠ ᠲᠠᠢ ᠵᠤᠬᠢᠶᠠᠨ ᠪᠠᠶᠢᠭᠤᠯᠤᠭᠲᠠᠯ᠎ᠠ

2017-05-30 18:45

    ᠰᠢᠨᠬᠤᠧᠠ ᠮᠤᠩᠭ᠋ᠤᠯ ᠨᠧᠲ   ᠡᠮᠦᠨᠡᠲᠦ ᠭᠤᠷᠯᠤᠰ ᠤᠨ 5 ᠰᠠᠷ᠎ᠠ ᠶᠢᠨ 30 ᠤ ᠡᠲᠦᠷ ᠤᠨ ᠴᠠᠬᠢᠯᠭᠠᠨ ᠮᠡᠲᠡᠭᠡ ( ᠬ • ᠦᠵᠡᠰᠬᠦᠯᠡᠩ ) 5 ᠰᠠᠷ᠎ᠠ ᠶᠢᠨ 30 ᠪ ᠡᠲᠦᠷ᠂ ᠮᠤᠩᠭ᠋ᠤᠯ ᠦᠨᠳᠦᠰᠦᠲᠡᠨ ᠤ ᠤᠯᠠᠮᠵᠢᠯᠠᠯᠲᠤ ᠰᠤᠶᠤᠯ ᠢᠶᠡᠨ ᠦᠪᠯᠡᠵᠤ᠂ ᠢᠷᠭᠡᠳ ᠤᠨ ᠰᠤᠶᠤᠯ ᠤᠨ ᠠᠮᠢᠲᠤᠷᠠᠯ ᠢ ᠪᠠᠶᠠᠯᠢᠭᠵᠢᠭᠤᠯᠬᠤ ᠵᠤᠷᠢᠯᠭ᠎ᠠ ᠪᠡᠷ ᠭᠢᠷᠢᠨ ᠮᠤᠵᠢ ᠶᠢᠨ ᠰᠦᠩᠶᠤᠸᠠᠨ ᠬᠤᠲᠠ ᠶᠢᠨ ᠰᠤᠶᠤᠯ ᠬᠢᠬᠡᠳ ᠠᠵᠤ ᠠᠬᠤᠢ ᠶᠢ ᠠᠬᠢᠭᠤᠯᠬᠤ ᠨᠡᠶᠢᠭᠡᠮᠯᠢᠭ᠌᠂ ᠡᠮᠦᠨᠡᠲᠦ ᠭᠤᠷᠯᠤᠰ ᠤᠨ ᠮᠤᠩᠭ᠋ᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠤ ᠴᠢᠩᠬᠢᠰ ᠬᠠᠭᠠᠨ ᠰᠤᠶᠤᠯ ᠤᠨ ᠬᠦᠷᠢᠶᠡᠯᠡᠩ ᠤᠨ ᠬᠠᠮᠢᠶᠠᠷᠤᠯᠲᠠ ᠶᠢᠨ ᠲᠦᠪ᠂ ᠰᠦᠩᠶᠤᠸᠠᠨ ᠬᠤᠲᠠ ᠶᠢᠨ ᠮᠤᠩᠭ᠋ᠤᠯ ᠦᠨᠳᠦᠰᠦᠲᠡᠨ ᠤ ᠰᠤᠶᠤᠯ ᠤᠨ ᠦᠪ ᠢ ᠬᠠᠮᠠᠭᠠᠯᠠᠬᠤ ᠨᠡᠶᠢᠭᠡᠮᠯᠢᠭ᠌ ᠡᠴᠡ ᠵᠤᠬᠢᠶᠠᠨ ᠪᠠᠶᠢᠭᠤᠯᠤᠭᠰᠠᠨ ᠠᠩᠬᠠᠲᠤᠭᠠᠷ ᠬᠤᠭᠤᠴᠠᠭᠠᠨ ᠤ ᠭᠤᠷᠯᠤᠰ ᠨᠠᠭᠠᠲᠤᠮ ᠡᠮᠦᠨᠡᠲᠦ ᠭᠤᠷᠯᠤᠰ ᠤᠨ ᠮᠤᠩᠭ᠋ᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠤ ᠴᠢᠩᠬᠢᠰ ᠬᠠᠭᠠᠨ ᠰᠤᠶᠤᠯ ᠤᠨ ᠬᠦᠷᠢᠶᠡᠯᠡᠩ ᠳ᠋ᠤ ᠠᠮᠵᠢᠯᠲᠠ ᠲᠠᠢ ᠵᠤᠬᠢᠶᠠᠨ ᠪᠠᠶᠢᠭᠤᠯᠤᠭᠲᠠᠯ᠎ᠠ᠃

    ᠨᠠᠭᠠᠲᠤᠮ ᠤᠨ ᠦᠶ᠎ᠠ ᠪᠡᠷ᠂ ᠬᠢᠷᠢᠨ ᠮᠤᠵᠢ ᠶᠢᠨ ᠮᠤᠵᠢ ᠶᠢᠨ ᠵᠡᠷᠭᠡᠯᠡᠯ ᠤᠨ ᠪᠠᠶᠡᠲᠦ ᠪᠤᠰᠤ ᠰᠤᠶᠤᠯ ᠤᠨ ᠦᠪ  ᠢᠶᠡᠷ ᠪᠦᠷᠢᠳᠭᠡᠬᠦᠯᠦᠭᠰᠡᠨ ᠪᠦᠬᠡ ᠶᠢᠨ ᠪᠠᠷᠢᠯᠲᠤᠭᠠᠨ᠂ ᠰᠤᠷ ᠬᠠᠷᠪᠤᠭ᠎ᠠ᠂ ᠲᠤᠤᠬᠠᠢ ᠰᠢᠲᠡᠬᠦ᠂ ᠪᠢᠯᠠᠭᠤ ᠰᠢᠲᠡᠬᠦ ᠵᠢᠴᠢ ᠤᠷᠤᠨ ᠨᠤᠲᠤᠭ ᠤᠨ ᠤᠨᠴᠠᠯᠢᠭ ᠲᠠᠢ ᠱᠠᠯᠪᠢᠩ ᠬᠢᠬᠦ᠂ ᠦᠨᠲᠡᠭᠡ ᠪᠦᠮᠪᠦᠷᠢᠬᠦᠯᠬᠦ ᠵᠡᠷᠭᠡ ᠠᠷᠭ᠎ᠠ ᠬᠡᠮᠵᠢᠶ᠎ᠠ ᠵᠤᠬᠢᠶᠠᠨ ᠪᠠᠶᠢᠭᠤᠯᠤᠭᠳᠠᠵᠤ᠂ ᠬᠤᠯᠠ ᠤᠶᠢᠷ᠎ᠠ ᠶᠢᠨ ᠨᠠᠭᠠᠲᠤᠮᠴᠢᠳ ᠤᠨ ᠠᠩᠬᠠᠷᠤᠯ ᠢ ᠲᠠᠲᠠᠪᠠ᠃

    ᠴᠢᠩᠬᠢᠰ ᠬᠠᠭᠠᠨ ᠰᠤᠶᠤᠯ ᠤᠨ ᠬᠦᠷᠢᠶᠡᠯᠡᠩ ᠤᠨ ᠬᠠᠮᠢᠶᠠᠷᠤᠯᠲᠠ ᠶᠢᠨ ᠲᠦᠪ ᠤᠨ ᠡᠷᠬᠢᠯᠡᠭᠴᠢ ᠢᠯᠴᠢ᠄《 ᠢᠷᠭᠡᠳ ᠲᠤ ᠬᠠᠨᠲᠤᠭᠤᠯᠤᠭᠰᠠᠨ ᠤᠯᠠᠨ ᠲᠦᠮᠡᠨᠴᠢ ᠤᠷᠤᠯᠴᠠᠭ᠎ᠠ ᠶᠢ ᠬᠦᠨᠳᠦᠳᠭᠡᠭ᠍ᠰᠡᠨ ᠠᠩᠬᠠᠲᠤᠭᠠᠷ ᠬᠤᠭᠤᠴᠠᠭᠠᠨ ᠤ ᠭᠤᠷᠯᠤᠰ ᠨᠠᠭᠠᠲᠤᠮ ᠠᠮᠵᠢᠯᠲᠠ ᠲᠠᠢ ᠵᠤᠬᠢᠶᠠᠨ ᠪᠠᠶᠢᠭᠤᠯᠤᠭᠲᠠᠯ᠎ᠠ᠂ ᠪᠢᠲᠠ ᠲᠠᠷᠠᠭᠠᠴᠢ ᠶᠢᠨ ᠡᠭᠡᠯᠵᠢ ᠶᠢᠨ ᠨᠠᠭᠠᠲᠤᠮ ᠢᠶᠡᠷ ᠠᠭᠤᠯᠭ᠎ᠠ ᠬᠡᠯᠪᠡᠷᠢ ᠪᠠᠨ ᠤᠯᠠᠮ ᠪᠠᠶᠠᠯᠢᠭᠵᠢᠭᠤᠯᠵᠤ᠂ ᠡᠮᠦᠨᠡᠲᠦ ᠭᠤᠷᠯᠤᠰ ᠤᠨ ᠰᠤᠶᠤᠯ ᠤᠨ ᠬᠦᠭ᠍ᠵᠢᠯᠲᠠ ᠳ᠋ᠤ ᠬᠤᠪᠢ ᠨᠡᠮᠡᠷᠢ ᠤᠷᠤᠭᠤᠯᠤᠨ᠂ ᠭᠤᠷᠯᠤᠰ ᠨᠠᠭᠠᠲᠤᠮ ᠢ ᠨᠡᠷᠡᠲᠦ ᠪᠷᠧᠨ᠋ᠳ᠋ ᠪᠤᠯᠭᠠᠬᠤ ᠪᠡᠷ ᠴᠢᠷᠮᠠᠶᠢᠬᠤ ᠪᠤᠯᠤᠨ᠎ᠠ》 ᠭᠡᠵᠡᠢ᠃

    ᠤᠶᠢᠯᠠᠭᠠᠭᠰᠠᠨ ᠢᠶᠡᠷ᠂ ᠭᠢᠷᠢᠨ ᠮᠤᠵᠢ ᠶᠢᠨ ᠰᠦᠩᠶᠤᠸᠠᠨ ᠬᠤᠲᠠ ᠶᠢᠨ ᠰᠤᠶᠤᠯ ᠬᠢᠬᠡᠳ ᠠᠵᠤ ᠠᠬᠤᠢ ᠶᠢ ᠠᠬᠢᠭᠤᠯᠬᠤ ᠨᠡᠶᠢᠭᠡᠮᠯᠢᠭ᠌ ᠪᠠ ᠰᠦᠩᠶᠤᠸᠠᠨ ᠬᠤᠲᠠ ᠶᠢᠨ ᠮᠤᠩᠭ᠋ᠤᠯ ᠦᠨᠳᠦᠰᠦᠲᠡᠨ ᠤ ᠰᠤᠶᠤᠯ ᠤᠨ ᠦᠪ ᠢ ᠬᠠᠮᠠᠭᠠᠯᠠᠬᠤ ᠨᠡᠶᠢᠭᠡᠮᠯᠢᠭ᠌ ᠡᠴᠡ ᠵᠢᠯ ᠪᠦᠷᠢ ᠶᠢᠨ 5 ᠰᠠᠷ᠎ᠠ ᠶᠢᠨ 31 ᠤ ᠡᠲᠦᠷ ᠢ 《 ᠭᠤᠷᠯᠤᠰ ᠨᠠᠭᠠᠲᠤᠮ》 ᠤᠨ ᠡᠲᠦᠷ ᠢᠶᠡᠷ ᠲᠤᠭᠲᠠᠭᠠᠪᠠ᠃

ᠦᠨᠲᠡᠭᠡ ᠪᠦᠮᠪᠦᠷᠢᠬᠦᠯᠬᠦ ᠤᠷᠤᠯᠲᠤᠭᠠᠨ

ᠲᠤᠤᠬᠠᠢ ᠰᠢᠲᠡᠬᠦ ᠤᠷᠤᠯᠲᠤᠭᠠᠨ

ᠪᠢᠯᠠᠭᠤ ᠰᠢᠲᠡᠬᠦ ᠤᠷᠤᠯᠲᠤᠭᠠᠨ

ᠪᠤᠭᠤᠨ ᠵᠢᠷᠭᠢᠭᠡ ᠶᠢᠨ ᠤᠷᠤᠯᠲᠤᠭᠠᠨ

ᠪᠢᠴᠢᠬᠠᠨ ᠮᠤᠷᠢᠨ ᠬᠤᠭᠤᠷᠴᠢᠨ

ᠤᠷᠠᠨ ᠰᠠᠶᠢᠬᠠᠨ ᠤ ᠲᠤᠭᠯᠠᠯᠲᠠ

ᠤᠷᠠᠨ ᠰᠠᠶᠢᠬᠠᠨ ᠤ ᠲᠤᠭᠯᠠᠯᠲᠠ (ᠵᠢᠷᠤᠭ ᠢ ᠰᠢᠨᠬᠤᠸᠠ ᠮᠤᠩᠭ᠋ᠤᠯ ᠨᠧᠲ ᠤᠨ ᠬ • ᠦᠵᠡᠰᠬᠦᠯᠡᠩ )

ᠢᠷᠡᠯᠳᠡ᠄ ᠰᠢᠨᠬᠤᠧᠠ ᠮᠤᠩᠭ᠋ᠤᠯ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011120701121058487