蒙古文网站Logo
ᠰᠢᠨᠬᠤᠸᠠ ᠮᠤᠩᠭ᠋ᠤᠯ ᠨᠧᠲ

ᠢᠷᠡᠬᠦ ᠭᠤᠷᠪᠠᠨ ᠬᠤᠨᠤᠭ ᠲᠤ ᠦᠪᠦᠷ ᠮᠤᠩᠭᠤᠯ ᠤᠨ ᠲᠤᠮᠲᠠ ᠵᠡᠬᠦᠨ ᠪᠦᠰᠡ ᠪᠡᠷ ᠪᠤᠷᠤᠭᠠᠨ ᠤᠷᠤᠨ᠎ᠠ

2017-06-15 21:49

    ᠰᠢᠨᠬᠤᠧᠠ ᠮᠤᠩᠭᠤᠯ ᠨᠧᠲ   ᠬᠦᠬᠡᠬᠤᠲᠠ ᠶᠢᠨ 6 ᠰᠠᠷ᠎ᠠ ᠶᠢᠨ 15 ᠤ ᠡᠲᠦᠷ ᠤᠨ ᠴᠠᠬᠢᠯᠭᠠᠨ ᠮᠡᠲᠡᠭᠡ ( ᠬ᠂ ᠦᠵᠡᠰᠬᠦᠯᠡᠩ ) ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠴᠠᠭ ᠠᠭᠤᠷ ᠤᠨ ᠬᠤᠷᠢᠶᠠᠨ ᠡᠴᠡ ᠦᠨᠦᠲᠦᠷ ᠤᠨ 17᠄ 00 ᠴᠠᠭ ᠲᠤ ᠤᠷᠢᠳᠴᠢᠯᠠᠨ ᠲᠤᠭᠠᠴᠠᠭᠠᠯᠠᠭᠰᠠᠨ ᠴᠠᠭ ᠠᠭᠠᠷ ᠤᠨ ᠮᠡᠲᠡᠭᠡᠯᠡᠯ ᠢ ᠦᠨᠳᠦᠰᠦᠯᠡᠪᠡᠯ᠂ ᠢᠷᠡᠬᠦ ᠭᠤᠷᠪᠠᠨ ᠬᠤᠨᠤᠭ ᠲᠤ ᠦᠪᠦᠷ ᠮᠤᠩᠭᠤᠯ ᠤᠨ ᠲᠤᠮᠲᠠ ᠵᠡᠬᠦᠨ ᠪᠦᠰᠡ ᠪᠡᠷ ᠪᠤᠷᠤᠭᠠᠨ ᠤᠷᠤᠨ᠎ᠠ᠃ ᠪᠤᠲᠠᠲᠠᠢ ᠴᠠᠭ ᠠᠭᠠᠷ ᠤᠨ ᠪᠠᠶᠢᠲᠠᠯ ᠲᠤᠤᠷᠠᠬᠢ ᠮᠡᠲᠦ᠄

    6 ᠰᠠᠷ᠎ᠠ ᠶᠢᠨ 15 ᠤ ᠡᠲᠦᠷ ᠤᠨ 20᠄ 00 ᠴᠠᠭ ᠡᠴᠡ 16 ᠤ ᠡᠲᠦᠷ ᠤᠨ 20᠄ 00 ᠴᠠᠭ ᠪᠤᠯᠲᠠᠯ᠎ᠠ ᠦᠪᠦᠷ ᠮᠤᠩᠭᠤᠯ ᠤᠨ ᠲᠤᠮᠲᠠ ᠪᠦᠰᠡ ᠶᠢᠨ ᠵᠡᠬᠦᠨ ᠬᠡᠰᠡᠭ ᠪᠠ ᠵᠡᠬᠦᠨ ᠪᠦᠰᠡ ᠪᠡᠷ ᠡᠬᠦᠯᠡ ᠲᠠᠢ᠂ ᠰᠢᠯᠢ ᠶᠢᠨ ᠭᠤᠤᠯ ᠤᠨ ᠬᠤᠶᠢᠲᠤ ᠪᠦᠰᠡ᠂ ᠬᠦᠯᠦᠨ ᠪᠤᠶᠢᠷ ᠤᠨ ᠵᠡᠬᠦᠨ ᠪᠦᠰᠡ ᠳ᠋ᠤ ᠪᠠᠭ᠎ᠠ ᠪᠤᠷᠤᠭᠠᠨ ᠤᠷᠤᠨ᠎ᠠ᠂ ᠲᠦᠷ ᠠᠶᠤᠩᠭᠠᠳᠤ ᠪᠤᠷᠤᠭᠠᠨ ᠤᠷᠤᠵᠤ ᠰᠠᠯᠬᠢᠯᠠᠬᠤ ᠵᠡᠷᠭᠡ ᠴᠢᠩᠭ᠎ᠠ ᠰᠤᠯᠢᠭ ᠤᠷᠤᠰᠬᠠᠯᠲᠤ ᠴᠠᠭ ᠠᠭᠠᠷ ᠢᠯᠡᠷᠡᠨ᠎ᠡ᠃ ᠪᠤᠰᠤᠳ ᠭᠠᠵᠠᠷ ᠲᠤ ᠡᠭᠦᠯᠡᠰᠢᠨ᠎ᠡ᠃

    6 ᠰᠠᠷ᠎ᠠ ᠶᠢᠨ 16 ᠤ ᠡᠲᠦᠷ ᠤᠨ 20᠄ 00 ᠴᠠᠭ ᠡᠴᠡ 17 ᠤ ᠡᠲᠦᠷ ᠤᠨ 20᠄ 00 ᠴᠠᠭ ᠪᠤᠯᠲᠠᠯ᠎ᠠ᠂ ᠦᠪᠦᠷ ᠮᠤᠩᠭᠤᠯ ᠤᠨ ᠲᠤᠮᠲᠠ ᠪᠦᠰᠡ ᠪᠠ ᠵᠡᠬᠦᠨ ᠪᠦᠰᠡ ᠳ᠋ᠤ ᠡᠬᠦᠯᠡ ᠲᠠᠢ᠂ ᠤᠷᠲᠤᠰ ᠤᠨ ᠵᠡᠬᠦᠨ ᠬᠤᠶᠢᠲᠤ ᠪᠦᠰᠡ᠂ ᠪᠤᠭᠤᠲᠤ ᠶᠢᠨ ᠡᠮᠦᠨ᠎ᠡ ᠪᠦᠰᠡ᠂ ᠬᠦᠬᠡᠬᠤᠲᠠ᠂ ᠤᠯᠠᠭᠠᠨᠴᠠᠪ ᠤᠨ ᠲᠤᠮᠲᠠ ᠡᠮᠦᠨ᠎ᠡ ᠪᠦᠰᠡ᠂ ᠰᠢᠯᠢ ᠶᠢᠨ ᠭᠤᠤᠯ ᠤᠨ ᠶᠡᠬᠡᠩᠬᠢ ᠪᠦᠰᠡ᠂ ᠤᠯᠠᠭᠠᠨᠬᠠᠲᠠ᠂ ᠬᠢᠩᠭᠠᠨ ᠤ ᠬᠤᠶᠢᠲᠤ ᠪᠦᠰᠡ᠂ ᠬᠦᠯᠦᠨ ᠪᠤᠶᠢᠷ ᠤᠨ ᠪᠠᠷᠠᠭᠤᠨ ᠪᠦᠰᠡ ᠪᠠ ᠲᠤᠮᠲᠠ ᠪᠦᠰᠡ ᠳ᠋ᠤ ᠪᠠᠭ᠎ᠠ ᠪᠤᠷᠤᠭᠠᠨ ᠤᠷᠤᠨ᠎ᠠ᠂ ᠲᠦᠷ ᠠᠶᠤᠩᠭᠠᠳᠤ ᠪᠤᠷᠤᠭᠠᠨ ᠤᠷᠤᠵᠤ ᠰᠠᠯᠬᠢᠯᠠᠬᠤ ᠵᠡᠷᠭᠡ ᠴᠢᠩᠭ᠎ᠠ ᠰᠤᠯᠢᠭ ᠤᠷᠤᠰᠬᠠᠯᠲᠤ ᠴᠠᠭ ᠠᠭᠠᠷ ᠢᠯᠡᠷᠡᠨ᠎ᠡ᠃ ᠪᠤᠰᠤᠳ ᠭᠠᠵᠠᠷ ᠲᠤ ᠡᠭᠦᠯᠡᠰᠢᠨ᠎ᠡ᠃ ᠲᠤᠮᠲᠠ ᠪᠦᠰᠡ ᠶᠢᠨ ᠵᠡᠬᠦᠨ ᠬᠡᠰᠡᠭ ᠲᠤ ᠪᠠᠷᠠᠭᠤᠨ ᠬᠤᠶᠢᠨ᠎ᠠ ᠡᠴᠡ 4 – 5 ᠲᠡᠰ ᠤᠨ ᠰᠠᠯᠬᠢ ᠲᠠᠢ᠃

    6 ᠰᠠᠷ᠎ᠠ ᠶᠢᠨ 17 ᠤ ᠡᠲᠦᠷ ᠤᠨ 20᠄ 00 ᠴᠠᠭ ᠡᠴᠡ 18 ᠤ ᠡᠲᠦᠷ ᠤᠨ 20᠄ 00 ᠴᠠᠭ ᠪᠤᠯᠲᠠᠯ᠎ᠠ ᠦᠪᠦᠷ ᠮᠤᠩᠭᠤᠯ ᠤᠨ ᠲᠤᠮᠲᠠ ᠵᠡᠬᠦᠨ ᠪᠦᠰᠡ ᠳ᠋ᠤ ᠡᠬᠦᠯᠡ ᠲᠠᠢ᠂ ᠤᠯᠠᠭᠠᠨᠴᠠᠪ ᠤᠨ ᠡᠮᠦᠨ᠎ᠡ ᠪᠦᠰᠡ᠂ ᠰᠢᠯᠢ ᠶᠢᠨ ᠭᠤᠤᠯ ᠤᠨ ᠡᠮᠦᠨ᠎ᠡ ᠪᠦᠰᠡ ᠪᠠ ᠵᠡᠬᠦᠨ ᠪᠦᠰᠡ᠂ ᠤᠯᠠᠭᠠᠨᠬᠠᠲᠠ᠂ ᠲᠦᠩᠯᠢᠶᠤᠤ᠂ ᠬᠢᠩᠭᠠᠨ᠂ ᠬᠦᠯᠦᠨ ᠪᠤᠶᠢᠷ ᠲᠤ ᠪᠠᠭ᠎ᠠ ᠪᠤᠷᠤᠭᠠᠨ ᠤᠷᠤᠨ᠎ᠠ᠂ ᠬᠢᠩᠭᠠᠨ ᠤ ᠵᠡᠬᠦᠨ ᠪᠦᠰᠡ᠂ ᠬᠦᠯᠦᠨ ᠪᠤᠶᠢᠷ ᠤᠨ ᠡᠮᠦᠨ᠎ᠡ ᠪᠦᠰᠡ ᠳ᠋ᠤ ᠲᠤᠮᠲᠠ ᠵᠡᠷᠭᠡ ᠶᠢᠨ ᠪᠤᠷᠤᠭᠠᠨ ᠤᠷᠤᠨ᠎ᠠ᠂ ᠲᠦᠷ ᠠᠶᠤᠩᠭᠠᠳᠤ ᠪᠤᠷᠤᠭᠠᠨ ᠤᠷᠤᠵᠤ ᠰᠠᠯᠬᠢᠯᠠᠬᠤ ᠵᠡᠷᠭᠡ ᠴᠢᠩᠭ᠎ᠠ ᠰᠤᠯᠢᠭ ᠤᠷᠤᠰᠬᠠᠯᠲᠤ ᠴᠠᠭ ᠠᠭᠠᠷ ᠢᠯᠡᠷᠡᠨ᠎ᠡ᠃ ᠪᠤᠰᠤᠳ ᠭᠠᠵᠠᠷ ᠲᠤ ᠡᠭᠦᠯᠡᠰᠢᠨ᠎ᠡ᠃ ᠪᠠᠷᠠᠭᠤᠨ ᠪᠦᠰᠡ ᠶᠢᠨ ᠪᠠᠷᠠᠭᠤᠨ ᠬᠡᠰᠡᠭ ᠲᠤ ᠵᠡᠬᠦᠨ ᠡᠴᠡ 4 – 5 ᠲᠡᠰ ᠤᠨ ᠰᠠᠯᠬᠢ ᠲᠠᠢ᠃ (ᠵᠢᠷᠤᠭ ᠢ ᠦᠪᠦᠷ ᠮᠤᠩᠭᠤᠯ ᠤᠨ ᠴᠠᠭ ᠠᠭᠤᠷ ᠤᠨ ᠬᠤᠷᠢᠶ᠎ᠠ ᠡᠴᠡ ᠬᠠᠩᠭ᠋ᠠᠪᠠ )

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121151687