蒙古文网站Logo
ᠰᠢᠨᠬᠤᠸᠠ ᠮᠤᠩᠭ᠋ᠤᠯ ᠨᠧᠲ

1-5 ᠰᠠᠷ᠎ᠠ ᠳᠤ ᠦᠪᠦᠷ ᠮᠤᠩᠭᠤᠯ ᠤᠨ ᠭᠠᠳᠠᠭᠠᠳᠤ ᠪᠤᠷᠤᠯᠠᠭᠤᠯᠭ᠎ᠠ 46.8% ᠪᠡᠷ ᠨᠡᠮᠡᠭᠳᠡᠪᠡ

2017-06-20 11:11

    ᠬᠦᠬᠡᠬᠤᠳᠠ ᠶᠢᠨ ᠪᠤᠭᠤᠮᠳᠠ ᠶᠢᠨ ᠠᠯᠪᠠᠨ ᠤ ᠪᠦᠷᠢᠳᠬᠡᠯ ᠳᠤ ᠳᠤᠳᠤᠷᠠᠭᠰᠠᠨ ᠢᠶᠡᠷ᠂ ᠡᠨᠡ ᠵᠢᠯ ᠤᠨ 1-5 ᠰᠠᠷ᠎ᠠ ᠳᠤ ᠦᠪᠦᠷ ᠮᠤᠩᠭᠤᠯ ᠤᠨ ᠡᠺᠰᠫᠤᠷᠲ ᠢᠮᠫᠤᠷᠲ ᠤᠨ ᠶᠡᠷᠦᠩᠬᠡᠢ ᠦᠷᠳᠡᠭ 414.9 ᠳ᠋ᠦᠩᠰᠢᠭᠤᠷ ᠳᠦᠬᠦᠷᠢᠭ ᠲᠤ ᠬᠦᠷᠴᠤ᠂ ᠦᠩᠬᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ 46.8% ᠪᠡᠷ ᠨᠡᠮᠡᠭᠳᠡᠵᠡᠢ᠃ ᠡᠬᠦᠨ ᠳᠤ ᠡᠺᠰᠫᠤᠷᠲ ᠤᠨ ᠬᠡᠮᠵᠢᠶ᠎ᠡ 146.9 ᠳ᠋ᠦᠩᠰᠢᠭᠤᠷ ᠳᠦᠬᠦᠷᠢᠭ᠂ ᠦᠩᠬᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ 46.1%  ᠪᠡᠷ ᠨᠡᠮᠡᠭᠳᠡᠭᠰᠡᠨ; ᠢᠮᠫᠤᠷᠲ ᠤᠨ 268 ᠳ᠋ᠦᠩᠰᠢᠭᠤᠷ ᠳᠦᠬᠦᠷᠢᠭ᠂ ᠦᠩᠬᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ 47.2% ᠢᠶᠡᠷ ᠨᠡᠮᠡᠭᠳᠡᠭᠰᠡᠨ ᠪᠠᠶᠢᠨ᠎ᠠ᠃

    ᠪᠠᠷᠠᠭ᠎ᠠ ᠪᠦᠳᠦᠬᠡᠭᠳᠡᠬᠦᠨ ᠤ ᠬᠤᠪᠢ ᠳᠤ ᠭᠤᠤᠯᠳᠠᠭᠤ ᠮᠠᠰᠢᠨ ᠮᠧᠬᠠᠨᠢᠭ ᠤᠨ ᠬᠡᠷᠡᠭᠰᠡᠯ᠂ ᠬᠦᠳᠡᠬᠡ ᠠᠵᠤ ᠠᠬᠤᠢ ᠶᠢᠨ ᠪᠦᠳᠦᠬᠡᠭᠳᠡᠬᠦᠨ ᠪᠤᠯᠤᠨ ᠤᠯᠠᠮᠵᠢᠯᠠᠯᠳᠤ ᠬᠦᠳᠡᠯᠮᠦᠷᠢ ᠨᠢᠬᠳᠠᠷᠠᠭᠰᠠᠨ ᠰᠢᠨᠵᠢᠳᠡᠢ ᠪᠦᠳᠦᠬᠡᠭᠳᠡᠬᠦᠨ ᠢᠮᠫᠤᠷᠲ᠋ᠯᠠᠵᠤ᠂ ᠡᠨᠡ ᠨᠢ ᠶᠡᠷᠦᠩᠬᠡᠢ ᠦᠷᠳᠡᠭ ᠤᠨ 48.8% ᠶᠢ ᠡᠵᠡᠯᠡᠭᠰᠡᠨ ᠪᠠᠶᠢᠨ᠎ᠠ᠃ ᠡᠺᠰᠫᠤᠷᠲ᠋ᠯᠠᠭᠰᠠᠨ ᠪᠦᠳᠦᠬᠡᠭᠳᠡᠬᠦᠨ ᠳᠤ ᠭᠤᠤᠯᠳᠠᠭᠤ ᠨᠡᠬᠦᠷᠡᠰᠦ᠂ ᠵᠦᠰᠦᠭᠰᠡᠨ ᠮᠠᠲ᠋ᠧᠷᠢᠶᠠᠯ᠂ ᠵᠡᠰ ᠤᠨ ᠠᠭᠤᠷᠬᠠᠢ ᠶᠢᠨ ᠬᠠᠶᠢᠷ ᠵᠡᠷᠬᠡ ᠡᠬᠢ ᠪᠠᠶᠠᠯᠢᠭ ᠤᠨ ᠰᠢᠨᠵᠢᠳᠡᠢ ᠪᠦᠳᠦᠬᠡᠭᠳᠡᠬᠦᠨ ᠪᠠᠶᠢᠵᠤ ᠶᠡᠷᠦᠩᠬᠡᠢ ᠦᠷᠳᠡᠭ ᠤᠨ 50.4% ᠶᠢ ᠡᠵᠡᠯᠡᠵᠡᠢ᠃

    1-5 ᠰᠠᠷ᠎ᠠ ᠳᠤ ᠢᠷᠬᠡᠳ ᠤᠨ ᠡᠵᠡᠩᠨᠡᠯᠳᠡ ᠲᠠᠢ ᠠᠵᠤ ᠠᠬᠤᠶᠢᠯᠠᠯ ᠤᠨ ᠡᠺᠰᠫᠤᠷᠲ ᠢᠮᠫᠤᠷᠲ ᠤᠨ ᠬᠡᠮᠵᠢᠶᠢ᠎ᠡ 315.2 ᠳ᠋ᠦᠩᠰᠢᠭᠤᠷ ᠳᠦᠬᠦᠷᠢᠭ ᠲᠤ ᠬᠦᠷᠴᠤ᠂ ᠦᠩᠬᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ 52.2% ᠢᠶᠡᠷ ᠨᠡᠮᠡᠭᠳᠡᠪᠡ᠃ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠡᠺᠰᠫᠤᠷᠲ ᠢᠮᠫᠤᠷᠲ ᠤᠨ ᠬᠡᠮᠵᠢᠶᠢ᠎ᠡ 68.6 ᠳ᠋ᠦᠩᠰᠢᠭᠤᠷ ᠳᠦᠬᠦᠷᠢᠭ ᠲᠤ ᠬᠦᠷᠴᠤ᠂ ᠦᠩᠬᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ 57.7% ᠪᠡᠷ ᠨᠡᠮᠡᠭᠳᠡᠪᠡ᠃ ᠡᠬᠦᠨ ᠳᠤ ᠮᠤᠩᠭᠤᠯ ᠤᠯᠤᠰ ᠡᠴᠡ ᠡᠺᠰᠫᠤᠷᠲ᠋ᠯᠠᠵᠤ ᠢᠮᠫᠤᠷᠲ᠋ᠯᠠᠭᠰᠠᠨ ᠬᠡᠮᠵᠢᠶ᠎ᠡ 110.9 ᠳ᠋ᠦᠩᠰᠢᠭᠤᠷ ᠳᠦᠬᠦᠷᠢᠭ ᠲᠤ ᠬᠦᠷᠴᠤ᠂ ᠦᠩᠬᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ 57.2% ᠢᠶᠡᠷ ᠨᠡᠮᠡᠭᠳᠡᠭᠰᠡᠨ ᠪᠤᠯ᠂ ᠤᠷᠤᠰ ᠡᠴᠡ ᠡᠺᠰᠫᠤᠷᠲ᠋ᠯᠠᠵᠤ ᠢᠮᠫᠤᠷᠲ᠋ᠯᠠᠭᠰᠠᠨ ᠬᠡᠮᠵᠢᠶ᠎ᠡ 91 ᠳ᠋ᠦᠩᠰᠢᠭᠤᠷ ᠳᠦᠬᠦᠷᠢᠭ ᠲᠤ ᠬᠦᠷᠴᠤ᠂ ᠦᠩᠬᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ 22.1% ᠪᠡᠷ ᠨᠡᠮᠡᠭᠳᠡᠵᠡᠢ᠃

ᠢᠷᠡᠯᠳᠡ᠄ ᠦᠪᠦᠷ ᠮᠤᠩᠭᠤᠯ ᠤᠨ ᠰᠤᠨᠢᠨ ᠮᠡᠳᠡᠬᠡ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121176206