蒙古文网站Logo
ᠰᠢᠨᠬᠤᠸᠠ ᠮᠤᠩᠭ᠋ᠤᠯ ᠨᠧᠲ

ᠴᠦᠩᠴᠢᠩ ᠤᠨ ᠶᠦᠨ ᠶᠠᠩ ᠡᠴᠡ ᠳᠡᠯᠡᠬᠡᠢ ᠶᠢᠨ ᠵᠡᠷᠬᠡᠯᠡᠯ ᠤᠨ ᠠᠪᠤᠷᠭᠤ ᠬᠦᠷᠪᠡᠯ ᠤᠨ ᠴᠢᠯᠠᠭᠤᠵᠢᠮᠠᠯ ᠤᠨ ᠰᠦᠷᠦᠭ ᠤᠯᠳᠠᠵᠠᠢ

2017-06-30 11:14

ᠴᠦᠩᠴᠢᠩ ᠬᠤᠳᠠ ᠶᠢᠨ ᠭᠠᠵᠠᠷ ᠰᠢᠨᠵᠢᠯᠡᠬᠡᠨ ᠤ ᠪᠠᠭ ᠤᠨ ᠠᠵᠢᠯᠳᠠᠳ ᠮᠠᠯᠳᠠᠯᠭ᠎ᠠ ᠬᠢᠵᠤ ᠪᠠᠶᠢᠭ᠎ᠠ ᠨᠢ (ᠵᠢᠷᠤᠭ ᠢ ᠰᠢᠨᠬᠤᠧᠠ ᠬᠤᠷᠢᠶ᠎ᠠ ᠶᠢᠨ ᠰᠤᠷᠪᠤᠯᠵᠢᠯᠠᠭᠴᠢ ᠯᠢᠦ ᠴᠧᠨ)

    6 ᠰᠠᠷ᠎ᠠ ᠶᠢᠨ 28 ᠤ ᠡᠳᠦᠷ᠂ ᠴᠦᠩᠴᠢᠩ ᠬᠤᠳᠠ ᠶᠢᠨ ᠵᠠᠰᠠᠭ ᠤᠨ ᠤᠷᠳᠤᠨ ᠬᠡᠪᠯᠡᠯ ᠮᠡᠳᠡᠬᠡᠯᠡᠯ ᠤᠨ ᠪᠠᠭ᠎ᠠ ᠬᠤᠷᠠᠯ ᠬᠤᠷᠠᠯᠳᠤᠭᠤᠯᠵᠤ᠂ ᠤᠯᠤᠰ ᠤᠨ ᠡᠷᠳᠡᠨ ᠤ ᠠᠮᠢᠳᠤ ᠪᠤᠳᠠᠰ ᠤᠨ ᠴᠢᠯᠠᠭᠤᠵᠢᠮᠠᠯ ᠤᠨ ᠳᠤᠰᠬᠠᠢ ᠮᠡᠷᠬᠡᠵᠢᠯᠳᠡ ᠤ ᠬᠢᠨᠠᠨ ᠳᠤᠭᠳᠠᠭᠠᠭᠰᠠᠨ ᠢᠶᠡᠷ᠂ ᠴᠦᠩᠴᠢᠩ ᠬᠤᠳᠠ ᠶᠢᠨ ᠶᠦᠨ ᠶᠠᠩ ᠰᠢᠶᠠᠨ ᠤ ᠫᠦ᠋ ᠠᠨ ᠰᠢᠶᠠᠩ ᠡᠴᠡ ᠤᠯᠳᠠᠭᠰᠠᠨ ᠠᠪᠤᠷᠭᠤ ᠬᠦᠷᠪᠡᠯ ᠤᠨ ᠴᠢᠯᠠᠭᠤᠵᠢᠮᠠᠯ ᠨᠢ ᠳᠡᠯᠡᠬᠡᠢ ᠶᠢᠨ ᠵᠡᠷᠬᠡᠯᠡᠯ ᠤᠨ ᠠᠪᠤᠷᠭᠤ ᠬᠦᠷᠪᠡᠯ ᠤᠨ ᠴᠢᠯᠠᠭᠤᠵᠢᠮᠠᠯ ᠤᠨ ᠰᠦᠷᠦᠭ ᠪᠤᠯᠤᠨ᠎ᠠ ᠬᠡᠵᠡᠢ᠃

    ᠤᠶᠢᠯᠠᠭᠠᠭᠰᠠᠨ ᠢᠶᠡᠷ᠂ 2015 ᠤᠨ ᠤ ᠡᠬᠢᠨ ᠳᠤ ᠶᠦᠨ ᠶᠠᠩ ᠰᠢᠶᠠᠨ ᠤ ᠫᠦ᠋ ᠠᠨ ᠰᠢᠶᠠᠩ ᠤᠨ ᠢᠷᠬᠡᠳ ᠡᠨᠡᠬᠦ ᠴᠢᠯᠠᠭᠤᠵᠢᠮᠠᠯ ᠢ ᠢᠯᠡᠷᠡᠬᠦᠯᠵᠤ᠂ ᠤᠯᠤᠰ ᠤᠨ ᠭᠠᠵᠠᠷ ᠰᠢᠷᠤᠢ ᠶᠢᠨ ᠰᠠᠯᠠᠭ᠎ᠠ ᠮᠦᠴᠢᠷ ᠳᠡᠷᠡ ᠳᠠᠷᠤᠢ ᠳᠤ ᠨᠢ ᠠᠵᠢᠯ ᠤᠨ ᠪᠠᠭ ᠳᠤᠮᠢᠯᠠᠵᠤ ᠬᠠᠶᠢᠨ ᠰᠢᠨᠵᠢᠯᠡᠬᠡ ᠬᠢᠬᠡᠳ ᠬᠠᠮᠠᠭᠠᠯᠠᠯᠳᠠ ᠶᠢᠨ ᠠᠵᠢᠯ ᠢ ᠬᠦᠢᠴᠡᠳᠬᠡᠬᠦᠯᠦᠭᠰᠡᠨ ᠪᠠᠶᠢᠨ᠎ᠠ᠃ 2016 ᠤᠨ ᠤ 10 ᠰᠠᠷ᠎ᠠ ᠳᠤ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠤᠨ ᠤ ᠵᠦᠪᠰᠢᠶᠡᠷᠡᠯ ᠲᠠᠢ ᠪᠡᠷ ᠡᠨᠡᠬᠦ 5 ᠺᠢᠯᠤᠮᠧᠲ᠋ᠷ ᠤᠨ ᠬᠡᠪᠴᠢᠶᠡᠨ ᠳᠡᠬᠢ ᠭᠠᠵᠠᠷ ᠤᠨ ᠭᠠᠳᠠᠷᠭᠤ ᠳᠤ ᠳᠠᠰᠤᠭ ᠪᠤᠰᠤᠭ ᠢᠯᠡᠷᠡᠵᠤ ᠭᠠᠷᠴᠤ ᠢᠷᠡᠭᠰᠡᠨ ᠴᠢᠯᠠᠭᠤᠵᠢᠮᠠᠯ ᠢ ᠮᠠᠯᠳᠠᠵᠤ ᠡᠬᠢᠯᠡᠵᠡᠢ᠃

    ᠤᠳᠤᠬᠠᠨ ᠳᠤ᠂ 150 ᠮᠧᠲ᠋ᠷ ᠤᠷᠳᠤ᠂ 2 ᠮᠧᠲ᠋ᠷ ᠵᠤᠵᠠᠭᠠᠨ᠂ 8 ᠮᠧᠲ᠋ᠷ ᠦᠨᠳᠦᠷ 《ᠠᠪᠤᠷᠭᠤ ᠬᠦᠷᠪᠡᠯ ᠤᠨ ᠴᠢᠯᠠᠭᠤᠵᠢᠮᠠᠯ ᠬᠡᠷᠡᠮ》 ᠢ ᠢᠯᠡᠷᠡᠬᠦᠯᠵᠤ᠂ ᠬᠡᠷᠡᠮ ᠤᠨ ᠪᠦᠬᠦ ᠳᠠᠯᠠᠪᠠᠢ 1155 ᠺᠦᠧᠠᠳ᠋ ᠮᠧᠲ᠋ᠷ ᠲᠤ ᠬᠦᠷᠦᠭᠰᠡᠨ ᠪᠠᠶᠢᠨ᠎ᠠ᠃ ᠮᠠᠯᠳᠠᠯᠭ᠎ᠠ ᠶᠢᠨ ᠠᠵᠢᠯ ᠦᠷᠬᠦᠯᠵᠢᠯᠡᠭᠰᠡᠬᠡᠷ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121240327