蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ᠄ ᠢᠷᠡᠬᠦ ᠭᠤᠷᠪᠠᠨ ᠬᠤᠨᠤᠭ ᠲᠤ ᠲᠤᠮᠲᠠ ᠪᠠᠷᠠᠭᠤᠨ ᠪᠦᠰᠡ ᠶᠢᠨ ᠠᠭᠠᠷ ᠤᠨ ᠲᠤᠯᠠᠭᠠᠨ 37 ᠭᠷᠠᠳᠦ᠋ᠰ ᠢ ᠲᠠᠪᠠᠬᠤ ᠪᠤᠯᠤᠨ᠎ᠠ

2017-07-11 18:30

    ᠰᠢᠨᠬᠤᠧᠠ ᠮᠤᠩᠭᠤᠯ ᠨᠧᠲ   ᠬᠦᠬᠡᠬᠤᠲᠠ ᠶᠢᠨ 7 ᠰᠠᠷ᠎ᠠ ᠶᠢᠨ 11 ᠤ ᠡᠲᠦᠷ ᠤᠨ ᠴᠠᠬᠢᠯᠭᠠᠨ ᠮᠡᠲᠡᠭᠡ ( ᠬ • ᠦᠵᠡᠰᠭᠦᠯᠡᠩ ) ᠢᠷᠡᠬᠦ ᠭᠤᠷᠪᠠᠨ ᠬᠤᠨᠤᠭ ᠲᠤ ᠦᠪᠦᠷ ᠮᠤᠩᠭᠤᠯ ᠤᠨ ᠲᠤᠮᠲᠠ ᠪᠠᠷᠠᠭᠤᠨ ᠪᠦᠰᠡ ᠶᠢᠨ ᠠᠭᠠᠷ ᠤᠨ ᠲᠤᠯᠠᠭᠠᠨ 37 ᠭᠷ᠋ᠠᠳᠦ᠋ᠰ ᠢ ᠲᠠᠪᠠᠵᠤ᠂ ᠵᠠᠷᠢᠮ ᠪᠦᠰᠨ ᠨᠤᠲᠤᠭ ᠤᠨ ᠠᠭᠠᠷ ᠤᠨ ᠲᠤᠯᠠᠭᠠᠨ 40 ᠭᠷᠠᠳᠦ᠋ᠰ ᠬᠦᠷᠬᠦ ᠪᠤᠯᠤᠨ᠎ᠠ᠃

    ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠴᠠᠭ ᠠᠭᠤᠷ ᠤᠨ ᠬᠤᠷᠢᠶᠠᠨ ᠤ 7 ᠰᠠᠷ᠎ᠠ ᠶᠢᠨ 11 ᠤ ᠡᠲᠦᠷ ᠲᠤᠭᠠᠴᠠᠭᠠᠯᠠᠭᠰᠠᠨ ᠴᠠᠭ ᠠᠭᠠᠷ ᠤᠨ ᠮᠡᠲᠡᠭᠡᠯᠡᠯ ᠢ ᠦᠨᠳᠦᠰᠦᠯᠡᠪᠡᠯ 7 ᠰᠠᠷ᠎ᠠ ᠶᠢᠨ 11 ᠤ ᠡᠲᠦᠷ ᠤᠨ 20᠄ 00 ᠴᠠᠭ ᠡᠴᠡ 7 ᠰᠠᠷ᠎ᠠ ᠶᠢᠨ 12 ᠤᠨ ᠡᠲᠦᠷ ᠤᠨ 20᠄ 00 ᠴᠠᠭ ᠪᠤᠯᠲᠠᠯ᠎ᠠ ᠦᠪᠦᠷ ᠮᠤᠩᠭᠤᠯ ᠤᠨ ᠲᠤᠮᠲᠠ ᠵᠡᠬᠦᠨ ᠪᠦᠰᠡ ᠪᠡᠷ ᠲᠤᠩᠭᠠᠯᠠᠭᠰᠢᠨ᠎ᠡ᠂ ᠤᠯᠠᠭᠠᠨᠴᠠᠪ ᠤᠨ ᠡᠮᠦᠨ᠎ᠡ ᠪᠦᠰᠡ᠂ ᠰᠢᠯᠢ ᠶᠢᠨ ᠭᠤᠤᠯ ᠤᠨ ᠡᠮᠦᠨ᠎ᠡ ᠪᠦᠰᠡ᠂ ᠤᠯᠠᠭᠠᠨᠬᠠᠲᠠ ᠶᠢᠨ ᠡᠮᠦᠨ᠎ᠡ ᠪᠦᠰᠡ᠂ ᠲᠦᠩᠯᠢᠶᠤᠤ ᠶᠢᠨ ᠡᠮᠦᠨ᠎ᠡ ᠪᠦᠰᠡ᠂ ᠬᠦᠯᠦᠨ ᠪᠤᠶᠢᠷ ᠤᠨ ᠬᠤᠶᠢᠲᠤ ᠪᠦᠰᠡ ᠪᠡᠷ ᠪᠠᠭ᠎ᠠ ᠪᠤᠷᠤᠭᠠᠨ ᠤᠷᠤᠨ᠎ᠠ᠂ ᠲᠦᠷ ᠵᠠᠭᠤᠷ᠎ᠠ ᠠᠶᠤᠩᠭᠠᠲᠤ ᠪᠤᠷᠤᠭᠠᠨ ᠤᠷᠤᠬᠤ ᠰᠠᠯᠬᠢᠯᠠᠬᠤ ᠵᠡᠷᠭᠡ ᠴᠢᠩᠭ᠎ᠠ ᠰᠤᠯᠢᠭ ᠤᠷᠤᠰᠬᠠᠯᠲᠤ ᠴᠠᠭ ᠠᠭᠠᠷ ᠢᠯᠡᠷᠡᠨ᠎ᠡ᠂ ᠪᠤᠰᠤᠳ ᠭᠠᠵᠠᠷ ᠡᠬᠦᠯᠡᠰᠢᠨ᠎ᠡ᠃ ᠪᠠᠷᠠᠭᠤᠨ ᠪᠦᠰᠡ ᠶᠢᠨ ᠪᠠᠷᠠᠭᠤᠨ ᠬᠡᠰᠡᠭ ᠲᠤ ᠪᠠᠷᠠᠭᠤᠨ ᠬᠤᠶᠢᠨ᠎ᠡ ᠡᠴᠡ 4 – 5 ᠲᠡᠰ ᠤᠨ ᠰᠠᠯᠬᠢ ᠲᠠᠢ᠃ ᠪᠠᠷᠠᠭᠤᠨ ᠪᠦᠰᠡ ᠵᠢᠴᠢ ᠲᠤᠮᠲᠠ ᠪᠦᠰᠡ ᠶᠢᠨ ᠪᠠᠷᠠᠭᠤᠨ ᠬᠡᠰᠡᠭ ᠤᠨ ᠠᠭᠠᠷ ᠤᠨ ᠲᠤᠯᠠᠭᠠᠨ 35 ᠭᠷᠠᠳᠦ᠋ᠰ ᠬᠦᠷᠦᠨ᠎ᠡ᠂ ᠡᠭᠦᠨ ᠳ᠋ᠤ ᠲᠤᠮᠲᠠ ᠪᠠᠷᠠᠭᠤᠨ ᠪᠦᠰᠡ ᠶᠢᠨ ᠶᠡᠬᠡᠩᠬᠢ ᠬᠡᠰᠡᠭ ᠲᠤ 37 ᠭᠷᠠᠳᠦ᠋ᠰ ᠤᠨ ᠦᠨᠳᠦᠷ ᠬᠠᠯᠠᠭᠤᠨ ᠠᠭᠤᠷ ᠠᠮᠢᠰᠬᠤᠯ ᠢᠯᠡᠷᠡᠨ᠂ ᠵᠠᠷᠢᠮ ᠪᠦᠰᠡ ᠨᠤᠲᠤᠭ ᠤᠨ ᠠᠭᠠᠷ ᠤᠨ ᠲᠤᠯᠠᠭᠠᠨ 40 ᠭᠷᠠᠳᠦ᠋ᠰ ᠢ ᠲᠠᠪᠠᠬᠤ ᠪᠤᠯᠤᠨ᠎ᠠ᠃

    7 ᠰᠠᠷ᠎ᠠ ᠶᠢᠨ 12 ᠤᠨ ᠡᠲᠦᠷ ᠤᠨ 20᠄ 00 ᠴᠠᠭ ᠡᠴᠡ 13 ᠤ ᠡᠲᠦᠷ ᠤᠨ 20᠄ 00 ᠴᠠᠭ ᠪᠤᠯᠲᠠᠯ᠎ᠠ ᠦᠪᠦᠷ ᠮᠤᠩᠭᠤᠯ ᠤᠨ ᠲᠤᠮᠲᠠ ᠵᠡᠬᠦᠨ ᠪᠦᠰᠡ ᠳ᠋ᠤ ᠲᠤᠩᠭᠠᠯᠠᠭᠰᠢᠨ᠎ᠡ᠂ ᠤᠯᠠᠭᠠᠨᠴᠠᠪ ᠤᠨ ᠡᠮᠦᠨ᠎ᠡ ᠪᠦᠰᠡ᠂ ᠰᠢᠯᠢ ᠶᠢᠨ ᠭᠤᠤᠯ ᠤᠨ ᠡᠮᠦᠨ᠎ᠡ ᠪᠦᠰᠡ᠂ ᠤᠯᠠᠭᠠᠨᠬᠠᠲᠠ ᠶᠢᠨ ᠡᠮᠦᠨ᠎ᠡ ᠪᠦᠰᠡ᠂ ᠲᠦᠩᠯᠢᠶᠤᠤ ᠶᠢᠨ ᠡᠮᠦᠨ᠎ᠡ ᠪᠦᠰᠡ᠂ ᠬᠦᠯᠦᠨ ᠪᠤᠶᠢᠷ ᠤᠨ ᠬᠤᠶᠢᠲᠤ ᠪᠦᠰᠡ ᠳ᠋ᠤ ᠪᠠᠭ᠎ᠠ ᠪᠤᠷᠤᠭᠠᠨ ᠤᠷᠤᠨ᠎ᠠ᠂ ᠡᠭᠦᠨ ᠳ᠋ᠤ ᠲᠦᠩᠯᠢᠶᠤᠤ ᠶᠢᠨ ᠡᠮᠦᠨ᠎ᠡ ᠪᠦᠰᠡ ᠪᠡᠷ ᠲᠤᠮᠲᠠ ᠵᠡᠷᠭᠡ ᠶᠢᠨ ᠪᠤᠷᠤᠭᠠᠨ ᠤᠷᠤᠨ᠎ᠠ᠂ ᠮᠦᠨ ᠡᠲᠡᠭᠡᠷ ᠭᠠᠵᠠᠷ ᠤᠳ ᠢᠶᠡᠷ ᠲᠦᠷ ᠵᠠᠭᠤᠷ᠎ᠠ ᠠᠶᠤᠩᠭᠠᠲᠤ ᠪᠤᠷᠤᠭᠠᠨ ᠤᠷᠤᠬᠤ ᠰᠠᠯᠬᠢᠯᠠᠬᠤ ᠵᠡᠷᠭᠡ ᠴᠢᠩᠭ᠎ᠠ ᠰᠤᠯᠢᠭ ᠤᠷᠤᠰᠬᠠᠯᠲᠤ ᠴᠠᠭ ᠠᠭᠠᠷ ᠢᠯᠡᠷᠡᠨ᠎ᠡ᠃ ᠪᠤᠰᠤᠳ ᠭᠠᠵᠠᠷ ᠲᠤ ᠡᠬᠦᠯᠡᠰᠢᠨ᠎ᠡ᠂ ᠲᠤᠮᠲᠠ ᠪᠠᠷᠠᠭᠤᠨ ᠪᠦᠰᠡ ᠶᠢᠨ ᠬᠤᠶᠢᠲᠤ ᠬᠡᠰᠡᠭ ᠲᠤ ᠪᠠᠷᠠᠭᠤᠨ ᠬᠤᠶᠢᠨ᠎ᠠ ᠡᠴᠡ 4 – 5 ᠲᠡᠰ ᠤᠨ ᠰᠠᠯᠬᠢ ᠲᠠᠢ᠂ ᠵᠡᠬᠦᠨ ᠪᠦᠰᠡ ᠶᠢᠨ ᠡᠮᠦᠨ᠎ᠡ ᠬᠡᠰᠡᠭ ᠲᠤ ᠪᠠᠷᠠᠭᠤᠨ ᠡᠮᠦᠨ᠎ᠡ ᠡᠴᠡ 4 – 5 ᠲᠡᠰ ᠤᠨ ᠰᠠᠯᠬᠢ ᠲᠠᠢ᠃ ᠪᠠᠷᠠᠭᠤᠨ ᠪᠦᠰᠡ ᠵᠢᠴᠢ ᠲᠤᠮᠲᠠ ᠪᠦᠰᠡ ᠶᠢᠨ ᠬᠤᠶᠢᠲᠤ ᠬᠡᠰᠡᠭ ᠤᠨ ᠠᠭᠠᠷ ᠤᠨ ᠲᠤᠯᠠᠭᠠᠨ 35 ᠭᠷᠠᠳᠦ᠋ᠰ ᠬᠦᠷᠦᠨ᠎ᠡ᠂ ᠡᠭᠦᠨ ᠳ᠋ᠤ ᠲᠤᠮᠲᠠ ᠪᠠᠷᠠᠭᠤᠨ ᠪᠦᠰᠡ ᠶᠢᠨ ᠶᠡᠬᠡᠩᠬᠢ ᠬᠡᠰᠡᠭ ᠲᠤ 37 ᠭᠷᠠᠳᠦ᠋ᠰ ᠤᠨ ᠦᠨᠳᠦᠷ ᠬᠠᠯᠠᠭᠤᠨ ᠠᠭᠤᠷ ᠠᠮᠢᠰᠬᠤᠯ ᠢᠯᠡᠷᠡᠨ᠂ ᠵᠠᠷᠢᠮ ᠪᠦᠰᠡ ᠨᠤᠲᠤᠭ ᠤᠨ ᠠᠭᠠᠷ ᠤᠨ ᠲᠤᠯᠠᠭᠠᠨ 40 ᠭᠷᠠᠳᠦ᠋ᠰ ᠢ ᠲᠠᠪᠠᠬᠤ ᠪᠤᠯᠤᠨ᠎ᠠ᠃

    7 ᠰᠠᠷ᠎ᠠ ᠶᠢᠨ 13 ᠤ ᠡᠲᠦᠷ ᠤᠨ 20᠄ 00 ᠴᠠᠭ ᠡᠴᠡ 7 ᠰᠠᠷ᠎ᠠ ᠶᠢᠨ 14 ᠤ ᠡᠲᠦᠷ ᠤᠨ 20᠄ 00 ᠴᠠᠭ ᠪᠤᠯᠲᠠᠯ᠎ᠠ᠂ ᠦᠪᠦᠷ ᠮᠤᠩᠭᠤᠯ ᠤᠨ ᠪᠠᠷᠠᠭᠤᠨ ᠪᠦᠰᠡ ᠶᠢᠨ ᠵᠡᠬᠦᠨ ᠬᠡᠰᠡᠭ ᠪᠠ ᠲᠤᠮᠲᠠ ᠵᠡᠬᠦᠨ ᠪᠦᠰᠡ ᠳ᠋ᠤ ᠲᠤᠩᠭᠠᠯᠠᠭᠰᠢᠨ᠎ᠡ᠂ ᠪᠠᠶᠠᠨᠨᠠᠭᠤᠷ ᠤᠨ ᠵᠡᠬᠦᠨ ᠡᠮᠦᠨ᠎ᠡ ᠪᠦᠰᠡ᠂ ᠤᠷᠲᠤᠰ ᠤᠨ ᠵᠡᠬᠦᠨ ᠬᠤᠶᠢᠲᠤ ᠪᠦᠰᠡ᠂ ᠪᠤᠭᠤᠲᠤ ᠶᠢᠨ ᠶᠡᠬᠡᠩᠬᠢ ᠪᠦᠰᠡ᠂ ᠬᠦᠬᠡᠬᠤᠲᠠ᠂ ᠤᠯᠠᠭᠠᠨᠴᠠᠪ ᠤᠨ ᠶᠡᠬᠡᠩᠬᠢ ᠪᠦᠰᠡ᠂ ᠰᠢᠯᠢ ᠶᠢᠨ ᠭᠤᠤᠯ ᠤᠨ ᠡᠮᠦᠨ᠎ᠡ ᠪᠦᠰᠡ᠂ ᠤᠯᠠᠭᠠᠨᠬᠠᠲᠠ ᠶᠢᠨ ᠡᠮᠦᠨ᠎ᠡ ᠪᠦᠰᠡ᠂ ᠲᠦᠩᠯᠢᠶᠤᠤ ᠶᠢᠨ ᠡᠮᠦᠨ᠎ᠡ ᠪᠦᠰᠡ᠂ ᠬᠦᠯᠦᠨ ᠪᠤᠶᠢᠷ ᠤᠨ ᠬᠤᠶᠢᠲᠤ ᠪᠦᠰᠡ ᠳ᠋ᠤ ᠪᠠᠭ᠎ᠠ ᠪᠤᠷᠤᠭᠠᠨ ᠤᠷᠤᠨ᠎ᠠ᠂ ᠮᠦᠨ ᠡᠲᠡᠭᠡᠷ ᠭᠠᠵᠠᠷ ᠤᠳ ᠢᠶᠡᠷ ᠲᠦᠷ ᠵᠠᠭᠤᠷ᠎ᠠ ᠠᠶᠤᠩᠭᠠᠲᠤ ᠪᠤᠷᠤᠭᠠᠨ ᠤᠷᠤᠬᠤ ᠰᠠᠯᠬᠢᠯᠠᠬᠤ ᠵᠡᠷᠭᠡ ᠴᠢᠩᠭ᠎ᠠ ᠰᠤᠯᠢᠭ ᠤᠷᠤᠰᠬᠠᠯᠲᠤ ᠴᠠᠭ ᠠᠭᠠᠷ ᠢᠯᠡᠷᠡᠨ᠎ᠡ᠃ ᠪᠤᠰᠤᠳ ᠭᠠᠵᠠᠷ ᠲᠤ ᠡᠭᠦᠯᠡᠰᠢᠨ᠎ᠡ᠃ ᠪᠠᠷᠠᠭᠤᠨ ᠪᠦᠰᠡ ᠶᠢᠨ ᠪᠠᠷᠠᠭᠤᠨ ᠬᠡᠰᠡᠭ ᠲᠤ ᠵᠡᠬᠦᠨ ᠡᠴᠡ 4 – 5 ᠲᠡᠰ ᠤᠨ ᠰᠠᠯᠬᠢ ᠲᠠᠢ᠃ ᠪᠠᠷᠠᠭᠤᠨ ᠪᠦᠰᠡ ᠶᠢᠨ ᠠᠭᠠᠷ ᠤᠨ ᠲᠤᠯᠠᠭᠠᠨ 35 ᠭᠷᠠᠳᠦ᠋ᠰ ᠬᠦᠷᠦᠨ᠎ᠡ᠂ ᠡᠭᠦᠨ ᠳ᠋ᠤ ᠲᠤᠮᠲᠠ ᠪᠠᠷᠠᠭᠤᠨ ᠪᠦᠰᠡ ᠶᠢᠨ ᠪᠠᠷᠠᠭᠤᠨ ᠬᠡᠰᠡᠭ ᠲᠤ 37 ᠭᠷᠠᠳᠦ᠋ᠰ ᠤᠨ ᠦᠨᠳᠦᠷ ᠬᠠᠯᠠᠭᠤᠨ ᠠᠭᠤᠷ ᠠᠮᠢᠰᠬᠤᠯ ᠢᠯᠡᠷᠡᠨ᠂ ᠵᠠᠷᠢᠮ ᠪᠦᠰᠡ ᠨᠤᠲᠤᠭ ᠤᠨ ᠠᠭᠠᠷ ᠤᠨ ᠲᠤᠯᠠᠭᠠᠨ 40 ᠭᠷᠠᠳᠦ᠋ᠰ ᠢ ᠲᠠᠪᠠᠬᠤ ᠪᠤᠯᠤᠨ᠎ᠠ᠃

( ᠵᠢᠷᠤᠭ ᠢ ᠦᠪᠦᠷ ᠮᠤᠩᠭ᠋ᠤᠯ ᠤᠨ ᠴᠠᠭ ᠠᠭᠤᠷ ᠤᠨ ᠬᠤᠷᠢᠶ᠎ᠠ ᠡᠴᠡ )

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121302034