蒙古文网站Logo
ᠰᠢᠨᠬᠤᠸᠠ ᠮᠤᠩᠭ᠋ᠤᠯ ᠨᠧᠲ

2016 ᠤᠨ ᠤ ᠡᠴᠤᠰ ᠪᠤᠯᠳᠠᠯ᠎ᠠ ᠮᠠᠨ ᠤ ᠤᠯᠤᠰ ᠤᠨ ᠪᠠᠶᠢᠩᠭᠤ ᠶᠢᠨ ᠤᠷᠤᠰᠢᠨ ᠰᠠᠭᠤᠭᠴᠢ ᠲᠠᠢ ᠬᠤᠳᠠ ᠪᠠᠯᠭᠠᠰᠤᠵᠢᠯᠳᠡ 57.4% ᠳᠤ ᠬᠦᠷᠪᠡ

2017-07-12 15:50

    ᠤᠯᠤᠰ ᠤᠨ ᠳᠤᠭ᠎ᠠ ᠪᠦᠷᠢᠳᠬᠡᠯ ᠤᠨ ᠳᠤᠪᠴᠢᠶᠠᠨ ᠤ ᠦᠵᠡᠬᠦᠯᠦᠯᠳᠡ ᠳᠤ᠂ 2016 ᠤᠨ ᠤ ᠡᠴᠤᠰ ᠪᠤᠯᠳᠠᠯ᠎ᠠ ᠮᠠᠨ ᠤ ᠤᠯᠤᠰ ᠨᠡᠶᠢᠳᠡ 657 ᠬᠤᠳᠠ ᠲᠠᠢ ᠪᠤᠯᠵᠤ᠂ ᠡᠬᠦᠨ ᠳᠤ ᠰᠢᠭᠤᠳ ᠬᠠᠷᠢᠶ᠎ᠠ ᠬᠤᠳᠠ 4᠂ ᠳᠡᠳ᠋ ᠮᠤᠵᠢ ᠶᠢᠨ ᠵᠡᠷᠬᠡᠯᠡᠯ ᠤᠨ 15᠂ ᠤᠷᠤᠨ ᠨᠤᠳᠤᠭ ᠤᠨ ᠵᠡᠷᠬᠡᠯᠡᠯ ᠤᠨ 278᠂ ᠰᠢᠶᠠᠨ ᠤ ᠵᠡᠷᠬᠡᠯᠡᠯ ᠤᠨ 360 ᠪᠠᠭᠳᠠᠵᠠᠢ᠃

    ᠳᠠᠷᠬᠠᠯᠳᠠ ᠶᠢᠨ ᠪᠠᠶᠢᠳᠠᠯ ᠡᠴᠡ ᠦᠵᠡᠬᠦ ᠳᠤ᠂ ᠤᠷᠤᠨ ᠨᠤᠳᠤᠭ ᠤᠨ ᠵᠡᠷᠬᠡᠯᠡᠯ ᠪᠠ ᠰᠢᠶᠠᠨ ᠤ ᠵᠡᠷᠬᠡᠯᠡᠯ ᠡᠴᠡ ᠳᠡᠬᠡᠭᠰᠢᠬᠢ ᠬᠤᠳᠠ ᠨᠤᠭᠤᠳ ᠨᠢ ᠵᠡᠬᠦᠨ ᠪᠦᠰᠡ ᠳᠤ ᠳᠤᠰ ᠳᠤᠰ 89 ᠪᠠ 124᠂ ᠳᠤᠮᠳᠠ ᠪᠦᠰᠡ ᠳᠤ 80 ᠪᠠ 89᠂ ᠪᠠᠷᠠᠭᠤᠨ ᠪᠦᠰᠡ ᠳᠤ 94 ᠪᠠ 92᠂ ᠵᠡᠬᠦᠨ ᠬᠤᠶᠢᠳᠤ ᠪᠦᠰᠡ ᠳᠤ 34 ᠪᠠ 55 ᠪᠤᠢ᠃ 2016 ᠤᠨ ᠤ ᠡᠴᠤᠰ ᠪᠤᠯᠳᠠᠯ᠎ᠠ ᠤᠯᠤᠰ ᠲᠠᠶᠠᠭᠠᠷ ᠤᠨ ᠬᠡᠮᠵᠢᠶᠡᠨ ᠳᠤ ᠨᠢᠬᠡᠨᠳᠡ ᠪᠠᠶᠢᠭᠤᠯᠤᠭᠰᠠᠨ ᠪᠠᠯᠭᠠᠰᠤᠨ ᠤ ᠳᠤᠭ᠎ᠠ 20883᠂ ᠡᠨᠡ ᠨᠢ 2012 ᠤᠨ ᠤ ᠡᠴᠤᠰ ᠤᠨ ᠬᠢ ᠡᠴᠡ 1002 ᠨᠡᠮᠡᠭᠳᠡᠵᠡᠢ᠃

    ᠬᠦᠮᠦᠨ ᠠᠮᠠᠨ ᠳᠤᠭᠠᠨ ᠤ ᠪᠠᠶᠢᠳᠠᠯ ᠡᠴᠡ ᠦᠵᠡᠪᠡᠯ᠂ 100-300 ᠳᠦᠮᠡᠨ ᠬᠦᠮᠦᠨ ᠠᠮᠠ ᠲᠠᠢ ᠬᠤᠳᠠ ᠦᠳᠳᠡᠷ ᠨᠡᠮᠡᠭᠳᠡᠨ 121 ᠪᠤᠯᠵᠤ᠂ 2012 ᠤᠨ ᠤ ᠬᠢ ᠡᠴᠡ 15 ᠨᠡᠮᠡᠭᠳᠡᠭᠰᠡᠨ ᠪᠠᠶᠢᠨ᠎ᠠ᠃ 300-500 ᠳᠦᠮᠡᠨ ᠬᠦᠮᠦᠨ ᠠᠮᠠ ᠲᠠᠢ ᠬᠤᠳᠠ 13᠂ 500 ᠳᠦᠮᠡᠨ ᠡᠴᠡ ᠳᠡᠬᠡᠭᠰᠢ ᠬᠦᠮᠦᠨ ᠠᠮᠠ ᠲᠠᠢ ᠬᠤᠳᠠ 13 ᠪᠤᠯᠵᠠᠢ᠃

    2016 ᠤᠨ ᠤ ᠡᠴᠤᠰ ᠪᠤᠯᠳᠠᠯ᠎ᠠ᠂ ᠤᠷᠤᠨ ᠨᠤᠳᠤᠭ ᠤᠨ ᠵᠡᠷᠬᠡᠯᠡᠯ ᠡᠴᠡ ᠳᠡᠬᠡᠭᠰᠢᠬᠢ ᠵᠠᠰᠠᠭ ᠵᠠᠬᠢᠷᠭᠠᠨ ᠤ ᠪᠦᠰᠡ ᠶᠢᠨ ᠳᠠᠯᠠᠪᠠᠢ 73.3 ᠳᠦᠮᠡᠨ ᠺᠦᠧᠠᠳ᠋ ᠺᠢᠯᠤᠮᠧᠲ᠋ᠷ ᠬᠦᠷᠴᠤ᠂ 2012 ᠤᠨ ᠤ ᠬᠢ ᠡᠴᠡ 11.6% ᠪᠡᠷ ᠨᠡᠮᠡᠭᠳᠡᠪᠡ᠃ ᠡᠬᠦᠨ ᠳᠤ ᠪᠠᠶᠢᠭᠤᠯᠵᠤ ᠳᠠᠭᠤᠰᠤᠭᠰᠠᠨ ᠳᠠᠯᠠᠪᠠᠢ 40941 ᠺᠦᠧᠠᠳ᠋ ᠺᠢᠯᠤᠮᠧᠲ᠋ᠷ ᠬᠦᠷᠴᠤ 13.3% ᠪᠡᠷ ᠨᠡᠮᠡᠭᠳᠡᠵᠡᠢ᠃

ᠢᠷᠡᠯᠳᠡ᠄ ᠤᠯᠤᠰ ᠤᠨ ᠳᠤᠭ᠎ᠠ ᠪᠦᠷᠢᠳᠬᠡᠯ ᠤᠨ ᠳᠤᠪᠴᠢᠶ᠎ᠠ ᠶᠢᠨ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121307785