蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠶᠢᠰᠦᠲᠦᠭᠡᠷ ᠬᠤᠭᠤᠴᠠᠭᠠᠨ ᠤ ᠴᠦᠬᠡᠨ ᠲᠤᠭᠠᠲᠤ ᠦᠨᠳᠦᠰᠦᠲᠡᠨ ᠤ ᠤᠯᠠᠮᠵᠢᠯᠠᠯᠲᠤ ᠪᠠᠶ᠎ᠠ ᠶᠢᠨ ᠲᠠᠮᠢᠷ ᠤᠨ ᠴᠢᠭᠤᠯᠭᠠᠨ ᠨᠡᠬᠡᠬᠡᠯᠲᠡ ᠪᠠᠨ ᠬᠢᠯ᠎ᠡ

2017-07-12 18:23

    ᠰᠢᠨᠬᠤᠧᠠ ᠮᠤᠩᠭᠤᠯ ᠨᠧᠲ   ᠬᠦᠬᠡᠬᠤᠲᠠ ᠶᠢᠨ 7 ᠰᠠᠷ᠎ᠠ ᠶᠢᠨ 12 ᠤᠨ ᠡᠲᠦᠷ ᠤᠨ ᠴᠠᠬᠢᠯᠭᠠᠨ ᠮᠡᠲᠡᠭᠡ  12 ᠤᠨ ᠦᠲᠡ ᠶᠢᠨ ᠬᠤᠶᠢᠨ᠎ᠠ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠶᠢᠰᠦᠲᠦᠭᠡᠷ ᠬᠤᠭᠤᠴᠠᠭᠠᠨ ᠤ ᠴᠦᠬᠡᠨ ᠲᠤᠭᠠᠲᠤ ᠦᠨᠳᠦᠰᠦᠲᠡᠨ ᠤ ᠤᠯᠠᠮᠵᠢᠯᠠᠯᠲᠤ ᠪᠠᠶ᠎ᠠ ᠶᠢᠨ ᠲᠠᠮᠢᠷ ᠤᠨ ᠴᠢᠭᠤᠯᠭᠠᠨ ᠬᠦᠯᠦᠨ ᠪᠤᠶᠢᠷ ᠬᠤᠲᠠ ᠶᠢᠨ ᠰᠢᠨ᠎ᠡ ᠬᠤᠲᠠ ᠲᠤᠭᠤᠷᠢᠭ ᠤᠨ ᠪᠠᠶ᠎ᠠ ᠶᠢᠨ ᠲᠠᠮᠢᠷ ᠤᠨ ᠲᠠᠯᠠᠪᠤᠷ ᠲᠤ ᠨᠡᠬᠡᠬᠡᠯᠲᠡ ᠪᠠᠨ ᠬᠢᠯ᠎ᠡ᠃

    ᠤᠶᠢᠯᠠᠭᠠᠭᠰᠠᠨ ᠢᠶᠡᠷ᠂ ᠲᠤᠰ ᠬᠤᠭᠤᠴᠠᠭᠠᠨ ᠤ ᠲᠠᠮᠢᠷ ᠤᠨ ᠴᠢᠭᠤᠯᠭᠠᠨ ᠳ᠋ᠤ ᠮᠤᠷᠢᠨ ᠮᠡᠷᠭᠡᠵᠢᠯ᠂ ᠲᠡᠮᠡᠭᠡ ᠤᠷᠤᠯᠲᠤᠭᠤᠯᠬᠤ᠂ ᠪᠦᠬᠡ᠂ ᠰᠤᠷ ᠬᠠᠷᠪᠤᠯᠲᠠ᠂ ᠮᠤᠩᠭᠤᠯ ᠰᠢᠲᠠᠷ᠎ᠠ᠂ ᠵᠡᠪᠰᠡᠭ ᠤᠨ ᠡᠷᠲᠡᠮ᠂ ᠬᠤᠯᠬᠤᠪᠴᠢ ᠨᠤᠮᠤ᠂ ᠲᠤᠮᠲᠠᠲᠤ ᠮᠠᠶ᠊ᠢᠭ ᠤᠨ ᠪᠦᠬᠡ᠂ ᠪᠢᠯᠠᠭᠤ᠂ ᠲᠡᠭᠦᠵᠢᠩ᠂ ᠶᠠᠵᠢᠶᠠ᠂ ᠲᠡᠪᠡᠭ᠂ ᠡᠷ᠎ᠡ ᠶᠢᠨ ᠭᠤᠷᠪᠠᠨ ᠨᠠᠭᠠᠲᠤᠮ᠂ ᠴᠦ᠋ ᠪᠤᠯᠢᠶᠠᠯᠲᠤᠬᠤ ᠵᠡᠷᠭᠡ 14 ᠲᠤᠮᠤ ᠤᠷᠤᠯᠲᠤᠭᠠᠨ ᠤ ᠲᠦᠷᠦᠯ ᠵᠦᠢᠯ ᠪᠠᠶᠢᠵᠤ᠂ ᠮᠢᠷᠭᠠᠨ ᠲᠡᠷᠭᠡ᠂ ᠪᠤᠶᠢᠺᠦ ᠪᠦᠮᠪᠦᠭᠡ᠂ ᠲᠡᠮᠡᠭᠡᠨ ᠪᠦᠮᠪᠦᠭᠡ ᠵᠡᠷᠭᠡ 3 ᠦᠵᠡᠬᠦᠯᠦᠯᠭᠡ ᠶᠢᠨ ᠲᠦᠷᠦᠯ ᠵᠦᠢᠯ ᠪᠤᠢ᠃ ᠤᠷᠤᠯᠲᠤᠭᠠᠨ ᠳ᠋ᠤ ᠤᠷᠤᠨ ᠲᠠᠶᠠᠭᠠᠷ ᠤᠨ 12 ᠠᠶᠢᠮᠠᠭ ᠬᠤᠲᠠ ᠶᠢᠨ 1300 ᠭᠠᠷᠤᠢ ᠲᠠᠮᠢᠷᠴᠢᠨ ᠤᠷᠤᠯᠴᠠᠨ᠎ᠠ᠃

    ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠴᠦᠬᠡᠡ ᠲᠤᠭᠠᠲᠤ ᠦᠨᠳᠦᠰᠦᠲᠡᠨ ᠤ ᠪᠠᠶ᠎ᠠ ᠶᠢᠨ ᠲᠠᠮᠢᠷ ᠤᠨ ᠴᠢᠭᠤᠯᠭᠠᠨ ᠲᠦᠷᠪᠡᠨ ᠵᠢᠯ ᠠᠯᠤᠰᠯᠠᠬᠤ ᠪᠦᠷᠢ ᠨᠢᠭᠡ ᠤᠲᠠᠭ᠎ᠠ ᠶᠠᠪᠤᠭᠲᠠᠲᠠᠭ᠂ 1985 ᠤᠨ ᠡᠴᠡ ᠡᠬᠢᠯᠡᠨ ᠶᠠᠪᠤᠭᠲᠠᠵᠤ ᠤᠲᠤ ᠪᠤᠯᠬᠤ ᠳ᠋ᠤ ᠶᠢᠰᠦᠲᠦᠭᠡᠷ ᠤᠲᠠᠭ᠎ᠠ ᠪᠠᠨ ᠵᠤᠬᠢᠶᠠᠨ ᠪᠠᠶᠢᠭᠤᠯᠤᠭᠲᠠᠵᠦ ᠪᠠᠢᠢᠨ᠎ᠠ᠃ ᠲᠤᠰ ᠬᠤᠭᠤᠴᠠᠭᠠᠨ ᠤ ᠴᠦᠬᠡᠨ ᠲᠤᠭᠠᠲᠤ ᠦᠨᠳᠦᠰᠦᠲᠡᠨ ᠤ ᠪᠠᠶ᠎ᠠ ᠶᠢᠨ ᠲᠠᠮᠢᠷ ᠤᠨ ᠴᠢᠭᠤᠯᠭᠠᠨ ᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠪᠠ ᠱᠠᠰᠢᠨ ᠰᠤᠷᠲᠠᠬᠤᠨ ᠤ ᠬᠡᠷᠡᠭ ᠡᠷᠬᠢᠯᠡᠬᠦ ᠵᠦᠪᠯᠡᠯ᠂ ᠪᠠᠶ᠎ᠠ ᠶᠢᠨ ᠲᠠᠮᠢᠷ ᠤᠨ ᠲᠤᠪᠴᠢᠶ᠎ᠠ ᠡᠴᠡ ᠰᠠᠨᠠᠭᠠᠴᠢᠯᠠᠵᠤ᠂ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠲᠤᠨ ᠡᠴᠡ ᠵᠤᠬᠢᠶᠠᠨ ᠪᠠᠶᠢᠭᠤᠯᠪᠠ᠃

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121308961