蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ ᠳᠤᠮᠳᠠ ᠪᠠᠷᠠᠭᠤᠨ ᠪᠦᠰᠡ ᠳᠤ ᠳᠡᠮᠦᠷ ᠵᠠᠮ ᠤᠨ ᠰᠢᠨ᠎ᠡ 《ᠪᠠᠯᠴᠢᠷ》 ᠪᠤᠢ ᠪᠤᠯᠪᠠ

2017-07-13 11:01

    ᠰᠢᠨᠬᠤᠧᠠ ᠬᠤᠷᠢᠶ᠎ᠠ   ᠬᠦᠬᠡᠬᠤᠳᠠ ᠶᠢᠨ 7 ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠳᠠᠷᠬᠠᠨ) ᠳᠡᠮᠦᠷ ᠵᠠᠮ ᠤᠨ ᠳᠡᠬᠡᠬᠡᠪᠦᠷᠢ ᠶᠢᠨ ᠴᠢᠬᠤᠯᠠ ᠪᠤᠭᠤᠮᠳᠠ ᠪᠤᠯᠤᠭᠰᠠᠨ ᠤ ᠬᠤᠪᠢ ᠳᠤ ᠵᠤᠬᠢᠴᠠᠭᠤᠯᠬᠤ ᠠᠰᠠᠷ ᠨᠢ ᠳᠡᠬᠡᠬᠡᠪᠦᠷᠢ ᠶᠢᠨ ᠭᠠᠯᠳᠤ ᠳᠡᠷᠬᠡᠨ ᠤ ᠦᠷᠳᠡᠬᠡᠨ ᠳᠤ ᠤᠷᠤᠵᠤ ᠭᠠᠷᠬᠤ᠂ ᠬᠤᠷᠳᠤᠴᠠ ᠳᠤᠬᠢᠷᠠᠭᠤᠯᠬᠤ᠂ ᠴᠠᠬᠢᠯᠭᠠᠨ ᠬᠦᠷᠬᠡᠵᠤ ᠵᠤᠭᠰᠤᠭᠠᠬᠤ ᠵᠡᠷᠬᠡ ᠵᠤᠬᠢᠴᠠᠭᠤᠯᠤᠨ ᠵᠢᠯᠤᠭᠤᠳᠬᠤ ᠠᠵᠢᠯ ᠡᠬᠦᠷᠬᠡ ᠶᠢ ᠬᠦᠢᠴᠡᠳᠬᠡᠳᠡᠭ᠃

    ᠦᠪᠦᠷ ᠮᠤᠩᠭᠤᠯ 《ᠬᠤᠷᠳᠤᠨ ᠤ ᠳᠡᠮᠦᠷ ᠵᠠᠮ ᠤᠨ ᠡᠷᠢᠨ》 ᠢ ᠤᠭᠳᠤᠵᠤ ᠪᠠᠶᠢᠭ᠎ᠠ ᠦᠨᠦᠳᠦᠷ᠂ ᠬᠦᠬᠡᠬᠤᠳᠠ ᠶᠢᠨ ᠳᠡᠮᠦᠷ ᠵᠠᠮ ᠤᠨ ᠳᠤᠪᠴᠢᠶ᠎ᠠ ᠶᠢᠨ ᠰᠢᠨ᠎ᠡ ᠵᠤᠬᠢᠴᠠᠭᠤᠯᠬᠤ ᠠᠰᠠᠷ ᠨᠢ ᠦᠪᠦᠷ ᠮᠤᠩᠭᠤᠯ ᠤᠨ ᠳᠤᠮᠳᠠ ᠪᠠᠷᠠᠭᠤᠨ ᠪᠦᠰᠡ ᠶᠢᠨ ᠳᠡᠮᠦᠷ ᠵᠠᠮ ᠤᠨ ᠰᠢᠨ᠎ᠡ《ᠪᠠᠯᠴᠢᠷ》 ᠤᠨ ᠬᠤᠪᠢ ᠪᠡᠷ 12 ᠤᠨ ᠡᠳᠦᠷ ᠠᠰᠢᠭᠯᠠᠯᠳᠠ ᠳᠤ ᠤᠷᠤᠯ᠎ᠠ᠃ ᠡᠨᠡ ᠨᠢ ᠳᠡᠮᠦᠷ ᠵᠠᠮ ᠤᠨ ᠵᠤᠬᠢᠴᠠᠭᠤᠯᠤᠨ ᠵᠢᠯᠤᠭᠤᠳᠬᠤ ᠠᠵᠢᠯ ᠤᠨ ᠴᠢᠳᠠᠪᠬᠢ ᠶᠢ ᠨᠡᠯᠢᠶᠡᠳ ᠬᠡᠮᠵᠢᠶ᠎ᠡ ᠪᠡᠷ ᠳᠡᠬᠡᠭᠰᠢᠯᠡᠬᠦᠯᠬᠦ ᠳᠡᠳᠦᠢ ᠦᠬᠡᠢ ᠦᠪᠦᠷ ᠮᠤᠩᠭᠤᠯ ᠤᠨ ᠬᠤᠷᠳᠤᠨ ᠤ ᠳᠡᠮᠦᠷ ᠵᠠᠮ ᠤᠨ ᠢᠷᠡᠬᠡᠳᠦᠢ ᠶᠢᠨ ᠬᠦᠭᠵᠢᠯᠳᠡ ᠳᠤ ᠪᠠᠳᠤᠯᠠᠭ᠎ᠠ ᠬᠠᠩᠭᠠᠬᠤ ᠪᠤᠯᠤᠨ᠎ᠠ᠃

    ᠳᠤᠰ ᠵᠤᠬᠢᠴᠠᠭᠤᠯᠬᠤ ᠠᠰᠠᠷ ᠠᠰᠢᠭᠯᠠᠯᠳᠠ ᠳᠤ ᠤᠷᠤᠭᠰᠠᠨ ᠤ ᠳᠠᠷᠠᠭ᠎ᠠ ᠦᠪᠦᠷ ᠮᠤᠩᠭᠤᠯ ᠤᠨ ᠳᠤᠮᠳᠠ ᠪᠠᠷᠠᠭᠤᠨ ᠪᠦᠰᠡ ᠶᠢᠨ ᠳᠡᠮᠦᠷ ᠵᠠᠮ ᠤᠨ ᠪᠦᠬᠦᠶᠢᠯᠡ ᠵᠤᠬᠢᠴᠠᠭᠤᠯᠤᠨ ᠵᠢᠯᠤᠭᠤᠳᠬᠤ ᠠᠵᠢᠯ ᠢ ᠬᠠᠷᠢᠭᠤᠴᠠᠬᠤ ᠳᠡᠳᠦᠢ ᠦᠬᠡᠢ ᠪᠤᠭᠤᠳᠤ - ᠢᠷᠭᠠᠢ᠂ ᠬᠦᠬᠡᠬᠤᠳᠠ - ᠨᠠᠨᠨᠢᠩ ᠴᠢᠭᠯᠡᠯ ᠳᠡᠬᠢ ᠵᠢᠨᠢᠩ - ᠳ᠋ᠠᠲ᠋ᠦ᠋ᠩ ᠤᠨ ᠬᠡᠰᠡᠭ᠂ ᠪᠤᠭᠤᠳᠤ - ᠬᠠᠶᠢᠺᠧᠤ ᠴᠢᠭᠯᠡᠯ ᠳ᠋ᠡᠬᠢ ᠪᠤᠭᠤᠳᠤ - ᠰᠢᠨᠢᠩ ᠤᠨ ᠬᠡᠰᠡᠭ ᠤᠨ 10 ᠵᠤᠬᠢᠴᠠᠭᠤᠯᠬᠤ ᠴᠠᠮᠬᠠᠭ ᠤᠨ ᠠᠵᠢᠯ ᠢ ᠬᠠᠷᠢᠭᠤᠴᠠᠨ᠎ᠠ᠃

    ᠬᠦᠬᠡᠬᠤᠳᠠ ᠶᠢᠨ ᠳᠡᠮᠦᠷ ᠵᠠᠮ ᠤᠨ ᠳᠤᠪᠴᠢᠶ᠎ᠠ ᠨᠢ 10 ᠵᠢᠯ ᠤᠨ ᠡᠮᠦᠨ᠎ᠡ 9 ᠵᠤᠬᠢᠴᠠᠭᠤᠯᠬᠤ ᠴᠠᠮᠬᠠᠭ ᠤᠨ ᠬᠠᠷᠢᠶᠠᠨ ᠳᠤ 2400 ᠭᠠᠷᠤᠢ ᠺᠢᠯᠤᠮᠧᠲ᠋ᠷ ᠵᠠᠮ ᠱᠤᠭᠤᠮ ᠲᠠᠢ ᠪᠠᠶᠢᠭᠰᠠᠨ ᠢᠶᠡᠨ ᠤᠳᠤ ᠦᠷᠬᠡᠳᠬᠡᠬᠡᠳ 17 ᠵᠤᠬᠢᠴᠠᠭᠤᠯᠬᠤ ᠴᠠᠮᠬᠠᠭ ᠤᠨ ᠬᠠᠷᠢᠶᠠᠨ ᠳᠤ 6300 ᠭᠠᠷᠤᠢ ᠺᠢᠯᠤᠮᠧᠲ᠋ᠷ ᠵᠠᠮ ᠱᠤᠭᠤᠮ ᠲᠠᠢ ᠪᠤᠯᠵᠤ᠂ ᠵᠤᠬᠢᠴᠠᠭᠤᠯᠬᠤ ᠠᠵᠢᠯᠴᠢᠨ ᠤ ᠡᠩᠨᠡᠬᠡ 130 ᠭᠠᠷᠤᠢ ᠬᠦᠮᠦᠨ ᠡᠴᠡ 400 ᠭᠠᠷᠤᠢ ᠬᠦᠮᠦᠨ ᠳᠤ ᠬᠦᠷᠴᠠᠢ᠃ ᠡᠳᠡᠬᠡᠷ ᠨᠢ ᠦᠪᠦᠷ ᠮᠤᠩᠭᠤᠯ ᠤᠨ ᠳᠤᠮᠳᠠ ᠪᠠᠷᠠᠭᠤᠨ ᠪᠦᠰᠡ ᠶᠢᠨ ᠳᠡᠮᠦᠷ ᠵᠠᠮ ᠤᠨ ᠵᠤᠬᠢᠴᠠᠭᠤᠯᠤᠨ ᠵᠢᠯᠤᠭᠤᠳᠬᠤ ᠠᠵᠢᠯ ᠤᠨ ᠬᠡᠷᠡᠭᠴᠡᠬᠡ ᠱᠠᠭᠠᠷᠳᠠᠯᠭ᠎ᠠ ᠳᠤ ᠬᠠᠩᠭ᠋ᠠᠭᠠᠯᠳᠠ ᠲᠠᠢ ᠬᠠᠨᠳᠤᠵᠤ ᠴᠢᠳᠠᠬᠤ ᠶᠤᠮ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121312961