蒙古文网站Logo
ᠰᠢᠨᠬᠤᠸᠠ ᠮᠤᠩᠭ᠋ᠤᠯ ᠨᠧᠲ

ᠥᠪᠦᠷ ᠮᠣᠩᠭ᠋ᠤᠯ ᠤᠨ ᠵᠢᠭᠤᠯᠴᠢᠯᠠᠯ ᠤᠨ ᠠᠵᠤ ᠥᠢᠯᠡᠰ ᠠᠭᠤᠰᠤᠯᠴᠠᠯ ᠬᠦᠭ᠍ᠵᠢᠯᠲᠠ ᠶᠢᠨ ᠰᠢᠨ᠎ᠠ ᠱᠠᠲᠤᠨ ᠳᠤ ᠤᠷᠤᠯ᠎ᠠ

2017-07-14 16:09

    ᠰᠢᠨᠬᠤᠧᠠ ᠬᠤᠷᠢᠶ᠎ᠠ  ᠬᠦᠬᠡᠬᠤᠲᠠ ᠶᠢᠨ 7 ᠰᠠᠷ᠎ᠠ ᠶᠢᠨ 13 ᠤ ᠡᠲᠦᠷ ᠤᠨ ᠴᠠᠬᠢᠯᠭᠠᠨ ᠮᠡᠲᠡᠭᠡ (ᠰᠤᠷᠪᠤᠯᠵᠢᠯᠠᠭᠴᠢ ᠯᠢ ᠶᠦᠨ ᠫᠢᠩ ) ᠪᠠᠶᠠᠨᠨᠠᠭᠤᠷ ᠬᠤᠲᠠ ᠶᠢᠨ ᠤᠷᠠᠳ ᠤᠨ ᠲᠠᠯ᠎ᠠ ᠨᠤᠲᠤᠭ ᠬᠠᠮᠤᠭ ᠤᠨ ᠰᠠᠶᠢᠬᠠᠨ ᠤᠯᠠᠷᠢᠯ ᠳ᠋ᠠᠭᠠᠨ ᠤᠷᠤᠵᠤ᠂ ᠤᠷᠠᠳ ᠤᠨ ᠬᠤᠶᠢᠲᠤ ᠬᠤᠰᠢᠭᠤᠨ ᠤ ᠦᠨᠳᠦᠰᠦᠲᠡᠨ ᠤ ᠰᠤᠶᠤᠯ ᠲᠠᠮᠢᠷ ᠤᠨ ᠠᠵᠢᠯᠯᠠᠭ᠎ᠠ ᠬᠦᠰᠢᠭᠡ ᠪᠠᠨ ᠰᠡᠬᠦᠯ᠎ᠡ᠃ ᠰᠤᠷᠪᠤᠯᠵᠢᠯᠠᠭᠴᠢ ᠶᠢᠨ ᠭᠠᠵᠠᠷ ᠲᠠᠭᠡᠷ᠎ᠡ ᠡᠴᠡ ᠨᠢ ᠠᠵᠢᠭᠯᠠᠭᠰᠠᠨ ᠢᠶᠡᠷ᠂ ᠡᠨᠡᠬᠦ ᠠᠵᠢᠯᠯᠠᠭ᠎ᠠ ᠨᠢ ᠤᠷᠠᠳ ᠠᠶᠢᠮᠠᠭ ᠤᠨ ᠤᠯᠠᠮᠵᠢᠯᠠᠯᠲᠤ ᠵᠠᠩᠰᠢᠯ ᠢ ᠬᠠᠷᠠᠭᠤᠯᠬᠤ ᠪᠡᠷ ᠮᠤᠩᠭ᠋ᠤᠯ ᠦᠨᠳᠦᠰᠦᠲᠡᠨ ᠤ ᠤᠤᠭᠠᠯ ᠰᠤᠶᠤᠯ ᠤᠨ ᠭᠠᠶᠢᠬᠠᠮᠰᠢᠭ ᠢ ᠦᠵᠡᠬᠦᠯᠦᠨ ᠵᠢᠭᠤᠯᠴᠢᠳ ᠤᠨ ᠠᠩᠠᠬᠷᠤᠯ ᠢ ᠲᠠᠲᠠᠪᠠ᠃ ᠵᠢᠭᠤᠯᠴᠢᠨ ᠡᠾᠧᠦ ᠵᠢᠶᠠ ᠯᠢ ᠶᠢᠨ ᠬᠡᠯᠡᠬᠦ ᠪᠡᠷ᠂ ᠦᠪᠦᠷ ᠮᠤᠩᠭ᠋ᠤᠯ ᠢᠶᠡᠷ ᠵᠤᠭᠠᠴᠠᠨ ᠲᠤᠭᠤᠷᠢᠬᠤ ᠨᠢ ᠭᠠᠭᠴᠠ ᠲᠠᠯ᠎ᠠ ᠨᠤᠲᠤᠭ ᠤᠨ ᠦᠩᠭᠡ ᠦᠵᠡᠮᠵᠢ ᠶᠢ ᠰᠤᠨᠢᠷᠬᠠᠬᠤ ᠲᠡᠲᠦᠢ ᠪᠢᠰᠢ᠂ ᠬᠠᠷᠢᠨ ᠦᠨᠳᠦᠰᠦᠲᠡᠨ ᠤ ᠰᠤᠶᠤᠯ ᠵᠠᠩ ᠦᠢᠯᠡ ᠶᠢ ᠪᠠᠰᠠ ᠰᠤᠨᠢᠷᠬᠠᠵᠤ ᠪᠤᠯᠤᠨ᠎ᠠ ᠭᠡᠵᠡᠢ᠃

    ᠤᠶᠢᠯᠠᠭᠠᠭᠰᠠᠨ ᠢᠶᠡᠷ᠂ 《ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠤᠪᠯᠡᠬᠡᠨ》 ᠤ ᠬᠤᠭᠤᠴᠠᠭᠠ ᠳᠤ ᠥᠪᠦᠷ ᠮᠣᠩᠭ᠋ᠤᠯ ᠤᠨ ᠥᠪᠡᠷᠲᠡᠬᠡᠨ ᠵᠠᠰᠬᠠᠤ ᠤᠷᠤᠨ 《ᠰᠦᠷᠯᠢᠭ᠌᠌ ᠶᠡᠬᠡᠮᠰᠦᠭ ᠦᠪᠦᠷ ᠮᠣᠩᠭᠣᠯ・ ᠦᠵᠡᠰᠭᠦᠯᠡᠩᠲᠤ ᠰᠠᠶᠢᠬᠠᠨ ᠦᠵᠡᠮᠵᠢ ᠶᠢᠨ ᠤᠷᠤᠨ 》 ᠬᠡᠬᠦ ᠵᠢᠭᠤᠯᠴᠢᠯᠠᠯ ᠤᠨ ᠪᠷᠧᠨ᠋ᠳ᠋ ᠢᠶᠡᠨ ᠴᠢᠬᠤᠯᠠᠴᠢᠯᠠᠨ ᠪᠤᠰᠬᠠᠬᠤ ᠶᠢᠨ ᠵᠡᠷᠭᠡᠴᠡᠭᠡ ᠰᠤᠶᠤᠯ ᠪᠠ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠪᠠᠶᠢᠳᠠᠯ ᠳᠤ ᠪᠡᠨ ᠲᠦᠰᠢᠭᠯᠡᠨ᠂ ᠲᠠᠯ᠎ᠠ ᠨᠤᠲᠤᠭ ᠤᠨ ᠦᠵᠡᠰᠭᠦᠯᠡᠩᠲᠤ ᠦᠵᠡᠮᠵᠢ᠂ ᠲᠡᠤᠬᠡ ᠰᠤᠶᠤᠯ᠂ ᠦᠨᠳᠦᠰᠦᠲᠠᠨ ᠤ ᠵᠠᠩ ᠥᠢᠯᠠ ᠵᠡᠷᠭᠡ ᠭᠤᠷᠪᠠᠨ ᠭᠤᠤᠯ ᠰᠡᠳᠤᠪ ᠤᠨ ᠲᠤᠭᠤᠷᠢᠨ ᠳᠤ 《ᠵᠢᠭᠤᠯᠴᠢᠯᠠᠯ + ᠰᠤᠶᠤᠯ》 ᠢᠨᠵᠧᠨᠧᠷᠢᠩ ᠢ ᠬᠡᠷᠡᠭᠵᠢᠭᠦᠯᠵᠤ᠂ ᠵᠢᠭᠤᠯᠴᠢᠯᠠᠯ ᠤᠨ ᠠᠵᠤ ᠥᠢᠯᠡᠰ ᠠᠭᠤᠰᠤᠯᠴᠠᠯ ᠬᠦᠭ᠍ᠵᠢᠯᠲᠠ ᠶᠢᠨ ᠰᠢᠨ᠎ᠠ ᠱᠠᠲᠤᠨ ᠳᠤ ᠤᠷᠤᠬᠰᠠᠨ ᠪᠠᠶᠢᠨ᠎ᠠ᠃

    ᠰᠤᠷᠪᠤᠯᠵᠢᠯᠠᠬᠴᠢ ᠶᠢᠨ ᠤᠶᠢᠯᠠᠭᠠᠭᠰᠠᠨ ᠢᠶᠡᠷ᠂ ᠬᠦᠯᠦᠨ ᠪᠤᠶᠢᠷ ᠬᠤᠲᠠ ᠶᠢᠨ ᠤᠷᠴᠤᠨ ᠥᠪᠡᠷᠲᠡᠬᠡᠨ ᠵᠠᠰᠬᠠᠤ ᠬᠤᠰᠢᠭᠤ ᠤᠶᠢᠷ᠎ᠠ ᠳᠤ ᠲᠦᠳᠡᠭ ᠤᠨ ᠨᠠᠶᠢᠷ ᠵᠣᠬᠢᠶᠠᠨ ᠪᠠᠶᠢᠭᠤᠯᠪᠡ᠃ ᠦᠩᠭᠡᠷᠡᠭᠰᠡᠨ ᠳᠤ᠂ ᠲᠦᠳᠡᠭ ᠤᠨ ᠨᠠᠶᠢᠷ ᠢ ᠤᠷᠴᠤᠨ ᠦᠨᠳᠤᠰᠤᠲᠠᠨ ᠡᠯᠪᠡᠭ᠌ ᠬᠤᠷᠢᠶᠠᠯᠲᠠ ᠶᠢ ᠬᠦᠰᠡᠬᠦ ᠪᠤᠶᠤ ᠪᠠᠶᠠᠷᠯᠠᠨ ᠪᠡᠯᠭᠡᠯᠡᠬᠦ ᠳᠤ ᠭᠤᠤᠯᠯᠠᠨ ᠵᠣᠬᠢᠶᠠᠨ ᠪᠠᠶᠢᠭᠤᠯᠳᠠᠭ ᠪᠠᠶᠢᠯ᠎ᠠ᠂ ᠤᠳᠤ ᠬᠠᠷᠢᠨ ᠲᠤᠬᠠᠢ ᠶᠢᠨ ᠭᠠᠵᠠᠷ ᠤᠨ ᠬᠠᠮᠤᠭ ᠤᠨ ᠦᠪᠡᠳᠡᠭᠰᠢ ᠶᠡᠬᠡ ᠵᠢᠭᠤᠯᠴᠢᠯᠠᠯ ᠤᠨ ᠪᠠᠶᠠᠷ ᠨᠠᠭᠠᠳᠤᠮ ᠤᠨ ᠠᠵᠢᠯᠯᠠᠭ᠎ᠠ ᠪᠤᠯᠤᠭᠰᠠᠨ ᠪᠠᠶᠢᠨ᠎ᠠ᠃ ᠵᠡᠬᠦᠨᠰᠢ ᠬᠦᠯᠦᠨ ᠪᠤᠶᠢᠷ ᠤᠨ ᠲᠠᠯ᠎ᠠ ᠨᠤᠲᠤᠭ ᠬᠦᠷᠲᠡᠯ᠎ᠠ᠂ ᠪᠠᠷᠠᠭᠤᠨᠰᠢ ᠠᠯᠠᠱᠠ ᠡᠯᠡᠰᠦᠨ ᠴᠦᠯ ᠬᠦᠷᠲᠠᠯ᠎ᠠ᠂ ᠥᠪᠦᠷ ᠮᠣᠩ᠋ᠭᠤᠯ ᠤᠨ ᠡᠯ᠎ᠠ ᠪᠦᠰᠡ ᠨᠤᠲᠤᠭ ᠵᠢᠯ ᠪᠤᠯᠭᠠᠨ ᠨᠡᠭᠦᠳᠡᠯ ᠰᠤᠶᠤᠯ ᠤᠨ ᠵᠢᠭᠤᠯᠴᠢᠯᠠᠯ ᠤᠨ ᠨᠠᠶᠢᠷ᠂ ᠵᠢᠭᠤᠯᠴᠢᠯᠠᠯ ᠤᠨ ᠨᠠᠭᠠᠳᠤᠮ᠂ ᠴᠥᠭᠡᠨ ᠲᠤᠭᠠᠲᠤ ᠦᠨᠳᠤᠰᠤᠲᠠᠨ ᠤ ᠰᠤᠶᠤᠯ ᠵᠢᠭᠤᠯᠴᠢᠯᠠᠯ ᠤᠨ ᠤᠷᠠᠯᠢᠭ ᠤᠨ ᠨᠠᠶᠢᠷ᠂ ᠮᠣᠩ᠋ᠭᠤᠯ ᠦᠨᠳᠤᠰᠤᠲᠠᠨ ᠤ ᠬᠤᠪᠴᠠᠰᠤ ᠵᠠᠰᠠᠯ ᠤᠨ ᠤᠷᠠᠯᠢᠭ ᠤᠨ ᠨᠠᠶᠢᠷ ᠵᠡᠷᠭᠡ ᠰᠤᠶᠤᠯ ᠵᠢᠭᠤᠯᠴᠢᠯᠠᠯ ᠤᠨ ᠠᠵᠢᠯᠯᠠᠭ᠎ᠠ ᠵᠣᠬᠢᠶᠠᠨ ᠪᠠᠶᠢᠭᠤᠯᠵᠤ ᠤᠯᠤᠰ ᠤᠨ ᠲᠤᠲᠤᠭᠠᠲᠤ ᠭᠠᠳᠠᠭᠠᠲᠤ ᠶᠢᠨ ᠵᠢᠭᠤᠯᠴᠢᠳ ᠤᠨ ᠰᠣᠨᠢᠷᠬᠠᠯ ᠢ ᠲᠠᠳᠠᠳᠠᠭ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121321181