蒙古文网站Logo
ᠰᠢᠨᠬᠤᠸᠠ ᠮᠤᠩᠭ᠋ᠤᠯ ᠨᠧᠲ

ᠥᠪᠦᠷ ᠮᠣᠩ᠋ᠭᠤᠯ ᠤᠨ ᠰᠢᠯᠤᠭᠤᠨ ᠬᠦᠬᠡ ᠬᠤᠰᠢᠭᠤᠨ ᠤ ᠬᠤᠪᠤᠷ ᠴᠤᠬᠠᠭ ᠬᠡᠬᠡᠷ᠎ᠠ ᠶᠢᠨ ᠠᠮᠢᠳᠠᠨ ᠢ ᠬᠤᠤᠷᠯᠠᠭᠰᠠᠨ ᠬᠡᠷᠡᠭ ᠤᠨ ᠠᠩᠬᠠᠨ ᠤ ᠰᠢᠬᠦᠯᠲᠠ ᠶᠢ ᠲᠠᠰᠤᠯᠤᠨ ᠰᠢᠢᠳᠭᠡᠪᠡ

2017-07-15 16:28

    ᠰᠢᠨᠬᠤᠧᠠ ᠬᠤᠷᠢᠶ᠎ᠠ  ᠬᠦᠬᠡᠬᠤᠲᠠ ᠶᠢᠨ 7 ᠰᠠᠷ᠎ᠠ ᠶᠢᠨ 14 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠬᠴᠢ ᠯᠢᠤ ᠢ ᠳ᠋ᠧ) 14 ᠤ ᠡᠳᠦᠷ᠂ ᠥᠪᠦᠷ ᠮᠣᠩ᠋ᠭᠤᠯ ᠤᠨ ᠥᠪᠡᠷᠲᠡᠬᠡᠨ ᠵᠠᠰᠠᠬᠤ ᠤᠷᠤᠨ ᠤ ᠰᠢᠯᠤᠭᠤᠨ ᠬᠦᠬᠡ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠵᠠᠭᠠᠯᠳᠤᠭᠳᠠᠬᠴᠢ ᠢᠥᠢ ᠱᠧᠩ ᠶᠦᠩ᠂ ᠰᠤᠳᠤᠪᠢᠯᠢᠭ᠌ ᠵᠡᠷᠭᠡ 8 ᠬᠦᠮᠦᠨ ᠢ ᠬᠠᠤᠯᠢ ᠪᠤᠰᠤ ᠪᠡᠷ ᠠᠩ ᠬᠢᠭ᠍ᠰᠡᠨ᠂ ᠬᠤᠪᠤᠷ ᠴᠤᠬᠠᠭ ᠤᠰᠠᠳᠬᠤ ᠠᠶᠤᠯᠲᠠᠢ ᠬᠡᠬᠡᠷ᠎ᠠ ᠶᠢᠨ ᠠᠮᠢᠲᠠᠨ ᠢ ᠬᠦᠨᠥᠬᠡᠭ᠍ᠰᠡᠨ᠂ ᠬᠠᠤᠯᠢ ᠪᠤᠰᠤ ᠪᠡᠷ ᠫᠤᠤ ᠵᠡᠪᠰᠡᠭ ᠡᠳ᠋ᠯᠡᠭ᠍ᠰᠡᠨ᠂ ᠶᠠᠯ᠎ᠠ ᠪᠡᠨ ᠨᠢᠭᠤᠵᠤ ᠳᠠᠯᠳᠠᠯᠠᠭᠰᠠᠨ ᠵᠡᠷᠭᠡ ᠶᠠᠯ᠎ᠠ ᠪᠡᠷ 16 ᠵᠢᠯ ᠡᠴᠡ 6 ᠰᠠᠷ᠎ᠠ ᠶᠢᠨ ᠬᠤᠭᠤᠷᠤᠨᠳᠤ ᠬᠤᠭᠤᠴᠠᠭ᠎ᠠ ᠲᠠᠢ ᠬᠤᠷᠢᠬᠤ᠂ ᠨᠢᠬᠡ ᠵᠢᠯ ᠬᠤᠶᠢᠰᠢᠯᠠᠭᠤᠯᠵᠤ ᠬᠦᠢᠴᠡᠳᠭᠡᠬᠦ ᠵᠡᠷᠭᠡ ᠠᠳᠠᠯᠢ ᠪᠤᠰᠤ ᠶᠢᠨ ᠡᠷᠡᠭᠦᠦ ᠰᠢᠢᠳᠭᠡᠯ ᠤᠯᠭᠤᠭᠰᠠᠨ ᠤ ᠬᠠᠮᠲᠤ 5ᠲᠦᠮᠡᠨ ᠲᠦᠭᠦᠷᠢᠭ᠌ ᠡᠴᠡ 2 ᠮᠢᠩᠭ᠋ᠠᠨ ᠲᠦᠭᠦᠷᠢᠭ᠌ ᠤᠨ ᠬᠤᠭᠤᠷᠤᠨᠳᠤ ᠠᠳᠠᠯᠢ ᠪᠤᠰᠤ ᠪᠡᠷ ᠲᠤᠷᠭᠠᠵᠠᠢ᠃

    ᠠᠩᠬᠠᠨ ᠤ ᠰᠢᠬᠦᠯᠲᠠ ᠳᠠᠭᠤᠰᠤᠭᠰᠠᠨ ᠤ ᠳᠠᠷᠠᠭ᠎ᠠ 8 ᠵᠠᠭᠠᠯᠳᠤᠭᠳᠠᠬᠴᠢ ᠴᠦᠮ ᠳᠡᠭᠡᠭ᠍ᠰᠢ ᠵᠠᠭᠠᠯᠳᠤᠭᠰᠠᠨ ᠦᠬᠡᠢ᠃

    2016 ᠤᠨ ᠤ 10 ᠰᠠᠷ᠎ᠠ ᠶᠢᠨ 19 ᠤ ᠡᠳᠦᠷ᠂ ᠰᠢᠯᠤᠭᠤᠨ ᠬᠦᠬᠡ ᠬᠤᠰᠢᠭᠤᠨ ᠤ ᠬᠤᠨᠲᠤ ᠨᠠᠭᠤᠷ ᠲᠤ ᠶᠡᠬᠡ ᠬᠡᠮᠵᠢᠶᠠᠨ ᠤ ᠬᠤᠪᠤᠷ ᠴᠤᠬᠠᠭ ᠵᠢᠭᠦᠷᠲᠡᠨ ᠬᠤᠤᠷᠯᠠᠭᠳᠠᠪᠠ᠃ ᠭᠡᠷᠡᠭ ᠤᠨ ᠳᠠᠷᠠᠭ᠎ᠠ᠂ ᠲᠤᠳᠤᠭᠠᠲᠤ ᠶᠢ ᠬᠠᠮᠠᠭᠠᠯᠠᠬᠤ ᠪᠠᠶᠢᠭᠤᠯᠤᠯᠭ᠎ᠠ ᠲᠤᠰᠬᠠᠢ ᠬᠡᠷᠡᠭ ᠤᠨ ᠪᠠᠭ ᠪᠠᠶᠢᠭᠤᠯᠵᠤ᠂ ᠲᠤᠰ ᠵᠢᠯ ᠤᠨ 11 ᠰᠠᠷ᠎ᠠ ᠳᠤ ᠢᠥᠢ ᠱᠧᠩ ᠶᠦᠩ ᠵᠡᠷᠭᠡ ᠬᠡᠷᠡᠭ ᠤᠨ ᠰᠡᠵᠢᠭᠲᠡᠨ ᠢ ᠪᠦᠬᠦᠨ ᠢ ᠪᠠᠷᠢᠪᠴᠢᠯᠠᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121324324