蒙古文网站Logo
ᠰᠢᠨᠬᠤᠸᠠ ᠮᠤᠩᠭ᠋ᠤᠯ ᠨᠧᠲ

ᠲᠦᠷᠦ ᠶᠢᠨ ᠶᠠᠪᠤᠳᠠᠯ ᠤᠨ ᠬᠤᠷᠢᠶᠠᠨ ᠤ ᠲᠦᠷᠪᠡᠳᠤᠭᠡᠷ ᠰᠢᠮᠳᠠᠭᠤᠯᠤᠨ ᠪᠠᠶᠢᠴᠠᠭᠠᠬᠤ ᠪᠠᠭ ᠦᠪᠦᠷ ᠮᠤᠩᠭ᠋ᠤᠯ ᠳᠤ ᠬᠠᠯᠠᠮᠰᠢᠯ ᠤᠳᠠᠰᠤ ᠲᠤᠬᠢᠷᠠᠭᠤᠯᠪᠠ

2017-07-16 16:25

ᠲᠦᠷᠦ ᠶᠢᠨ ᠶᠠᠪᠤᠳᠠᠯ ᠤᠨ ᠬᠤᠷᠢᠶᠠᠨ ᠤ ᠲᠦᠷᠪᠡᠳᠤᠭᠡᠷ ᠰᠢᠮᠳᠠᠭᠤᠯᠤᠨ ᠪᠠᠶᠢᠴᠠᠭᠠᠬᠤ ᠪᠠᠭ ᠦᠪᠦᠷ ᠮᠤᠩ᠋ᠭᠤᠯ ᠤᠨ ᠦᠪᠡᠷᠳᠡᠭᠡᠨ ᠵᠠᠰᠠᠬᠤ ᠤᠷᠤᠨ ᠳᠤ ᠬᠠᠯᠠᠮᠰᠢᠯ ᠤᠳᠠᠰᠤ ᠲᠤᠬᠢᠷᠠᠭᠤᠯᠬᠤ ᠠᠯᠪᠠᠨ ᠵᠠᠷ

    ᠲᠦᠷᠦ ᠶᠢᠨ ᠶᠠᠪᠤᠳᠠᠯ ᠤᠨ ᠬᠤᠷᠢᠶᠠᠨ ᠤ ᠲᠦᠷᠪᠡᠳᠤᠭᠡᠷ ᠤᠳᠠᠭᠠᠨ ᠤ ᠰᠢᠮᠳᠠᠭᠤᠯᠤᠨ ᠪᠠᠶᠢᠴᠠᠭᠠᠬᠤ ᠠᠵᠢᠯ ᠤᠨ ᠨᠢᠭᠡᠳᠤᠯᠳᠠᠢ ᠪᠠᠶᠢᠷᠢᠯᠠᠭᠤᠯᠤᠯᠳᠠ ᠪᠡᠷ᠂ ᠲᠦᠷᠦ ᠶᠢᠨ ᠶᠠᠪᠤᠳᠠᠯ ᠤᠨ ᠬᠤᠷᠢᠶᠠᠨ ᠤ ᠲᠦᠷᠪᠡᠳᠤᠭᠡᠷ ᠤᠳᠠᠭᠠᠨ ᠤ ᠰᠢᠮᠳᠠᠭᠤᠯᠤᠨ ᠪᠠᠶᠢᠴᠠᠭᠠᠬᠤ ᠪᠠᠭ 2017 ᠣᠨ ᠤ 7 ᠰᠠᠷ᠎ᠠ ᠶᠢᠨ 15 ᠤ ᠡᠳᠤᠷ ᠠᠴᠠ 28 ᠤ ᠡᠳᠤᠷ ᠪᠤᠯᠲᠠᠯ᠎ᠠ ᠦᠪᠦᠷ ᠮᠤᠩ᠋ᠭᠤᠯ ᠤᠨ ᠦᠪᠡᠷᠳᠡᠭᠡᠨ ᠵᠠᠰᠠᠬᠤ ᠤᠷᠤᠨ ᠳᠤ ᠰᠢᠮᠳᠠᠭᠤᠯᠤᠨ ᠪᠠᠶᠢᠴᠠᠭᠠᠬᠤ ᠪᠠᠷ ᠪᠠᠶᠢᠨ᠎ᠠ᠃ ᠦᠷᠭᠡᠨ ᠤᠯᠠᠨ ᠢᠷᠭᠡᠳ ᠤᠨ ᠠᠰᠠᠭᠤᠳᠠᠯ ᠪᠤᠯᠤᠨ ᠰᠠᠨᠠᠯ ᠰᠠᠨᠠᠭᠤᠯᠭ᠎ᠠ ᠪᠠᠨ ᠳᠤᠰᠬᠠᠬᠤ ᠳᠤ ᠳᠦᠬᠦᠮ ᠪᠤᠯᠭᠠᠬᠤ ᠶᠢᠨ ᠳᠤᠰᠠᠲᠠ᠂ ᠲᠦᠷᠦ ᠶᠢᠨ ᠶᠠᠪᠤᠳᠠᠯ ᠤᠨ ᠬᠤᠷᠢᠶᠠᠨ ᠤ ᠲᠦᠷᠪᠡᠳᠤᠭᠡᠷ ᠤᠳᠠᠭᠠᠨ ᠤ ᠰᠢᠮᠳᠠᠭᠤᠯᠤᠨ ᠪᠠᠶᠢᠴᠠᠭᠠᠬᠤ ᠪᠠᠭ ᠬᠠᠯᠠᠮᠰᠢᠯ ᠤᠳᠠᠰᠤ ᠲᠤᠬᠢᠷᠠᠭᠤᠯᠪᠠ᠃ ᠬᠠᠯᠠᠮᠰᠢᠯ ᠤᠳᠠᠰᠤ ᠶᠢᠨ ᠳ᠋ᠤᠭᠠᠷ ᠨᠢ 0471 — 4824326᠂ 0471᠎ — 48197748᠂ ᠬᠠᠯᠠᠮᠰᠢᠯ ᠤᠳᠠᠰᠤ ᠶᠢᠨ ᠨᠠᠪᠳᠠᠷᠠᠬᠦ ᠴᠠᠭ ᠨᠢ 2017 ᠣᠨ ᠤ 7 ᠰᠠᠷ᠎ᠠ ᠶᠢᠨ 15 ᠤ ᠡᠳᠤᠷ ᠠᠴᠠ 28 ᠤ ᠡᠳᠤᠷ ᠪᠤᠯᠲᠠᠯ᠎ᠠ ᠡᠳᠤᠷ ᠪᠤᠯᠭᠠᠨ ᠤ ᠦᠳᠡ ᠶᠢᠨ ᠡᠮᠦᠨᠡᠬᠢ 8 ᠴᠠᠭ ᠠᠴᠠ ᠤᠷᠤᠢ ᠶᠢᠨ 8 ᠴᠠᠭ ᠪᠤᠯᠳᠠᠯ᠎ᠠ᠃

    ᠠᠷᠠᠳ ᠤᠯᠠᠨ ᠤ ᠠᠵᠤ ᠠᠬᠤᠶᠢᠯᠠᠯ  ᠪᠠ ᠢᠷᠭᠡᠳ ᠤᠨ ᠰᠢᠢᠳᠪᠤᠷᠢᠯᠡᠬᠦ ᠳᠤ ᠬᠦᠴᠢᠷᠳᠠᠢ ᠠᠰᠠᠭᠤᠳᠠᠯ᠂ ᠠᠵᠦ ᠠᠬᠤᠶᠢᠯᠡᠯ ᠤᠨ ᠳᠤᠷ᠎ᠠ ᠪᠠᠷ ᠲᠦᠯᠦᠪᠦᠷᠢ ᠬᠤᠷᠢᠶᠠᠬᠰᠠᠨ᠂ ᠢᠷᠭᠡᠳ ᠤᠨ ᠬᠦᠷᠦᠩᠬᠡ ᠤᠷᠤᠭᠤᠯᠬᠤ ᠳᠤ ᠬᠦᠴᠢᠷᠳᠠᠢ᠂ ᠰᠢᠨ᠎ᠠ ᠶᠢ ᠡᠬᠦᠳᠤᠨ ᠤᠶᠢᠯᠡᠰ ᠪᠦᠳᠦᠭᠡᠬᠦ ᠳᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠦᠭᠡᠢ᠂ ᠢᠷᠭᠡᠳ ᠤᠨ ᠠᠮᠢᠵᠢᠷᠠᠭᠠᠨ ᠤ ᠪᠠᠳᠤᠯᠠᠭ᠎ᠠ ᠬᠦᠢᠴᠡᠳ ᠪᠤᠰᠤ ᠵᠡᠷᠭᠡ ᠠᠰᠠᠭᠤᠳᠠᠯ ᠤᠨ ᠳᠤᠭᠤᠷᠢᠨ ᠳᠤ ᠭᠤᠤᠯᠳᠠᠯᠭ᠎ᠠ ᠲᠠᠢ ᠪᠠᠷ ᠠᠰᠠᠭᠤᠳᠠᠯ ᠤᠨ ᠰᠦᠪᠡᠭ᠍ᠴᠢ ᠳᠤᠰᠬᠠᠵᠦ᠂ ᠵᠠᠰᠠᠭ ᠤᠨ ᠤᠷᠳᠤᠨ ᠤ ᠠᠵᠢᠯ ᠳᠤ ᠰᠠᠨᠠᠯ ᠰᠠᠨᠠᠭᠤᠯᠭ᠎ᠠ ᠪᠠᠨ ᠲᠤᠷᠠᠳᠬᠤ ᠶᠢ ᠬᠥᠰᠡᠵᠦ ᠪᠠᠶᠢᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠰᠢᠮᠳᠠᠭᠤᠯᠤᠨ ᠪᠠᠶᠢᠴᠠᠭᠠᠬᠤ ᠪᠠᠭ ᠤᠳᠠᠰᠤ ᠢᠷᠡᠬᠦᠯᠦᠭᠰᠡᠨ ᠢᠷᠭᠡᠳ ᠤᠨ ᠬᠤᠪᠢ ᠬᠦᠮᠦᠨ ᠤ ᠰᠤᠷᠠᠭ ᠵᠠᠩᠬᠢ ᠪᠤᠯᠤᠨ ᠲᠤᠰᠬᠠᠬᠰᠠᠨ ᠠᠭᠤᠯᠭ᠎ᠠ  ᠶᠢ ᠲᠠᠰᠤ ᠨᠢᠭᠤᠴᠠᠯᠠᠬᠤ ᠶᠢᠨ ᠵᠡᠷᠭᠡᠴᠡᠭᠡ ᠲᠤᠰᠬᠠᠬᠰᠠᠨ ᠠᠰᠠᠭᠤᠳᠠᠯ ᠪᠠ ᠰᠠᠨᠠᠯ ᠰᠠᠨᠠᠭᠤᠯᠭ᠎ᠠ ᠶᠢ ᠬᠠᠮᠢᠶ᠎ᠠ ᠪᠦᠬᠦᠢ ᠲᠦᠷᠢᠮ ᠳᠤᠭᠳᠠᠭᠠᠯ ᠶᠤᠰᠤᠭᠠᠷ ᠨᠠᠷᠢᠨ ᠬᠢᠨᠠᠮᠠᠭᠠᠢ ᠰᠤᠳᠤᠯᠤᠨ ᠰᠢᠢᠳᠪᠤᠷᠢᠯᠡᠨ᠎ᠠ᠃

ᠲᠦᠷᠦ ᠶᠢᠨ ᠶᠠᠪᠤᠳᠠᠯ ᠤᠨ ᠬᠤᠷᠢᠶᠠᠨ ᠤ ᠳᠦᠷᠪᠠᠳᠤᠭᠡᠷ ᠰᠢᠮᠳᠠᠭᠤᠯᠤᠨ ᠪᠠᠶᠢᠴᠠᠭᠠᠬᠤ ᠪᠠᠭ

2017 ᠣᠨ ᠤ 7 ᠰᠠᠷ᠎ᠠ ᠶᠢᠨ 15 ᠤ ᠡᠳᠤᠷ

ᠢᠷᠡᠯᠳᠡ᠄ ᠥᠪᠦᠷ ᠮᠣᠩᠭ᠋ᠤᠯ ᠤᠨ ᠰᠣᠨᠢᠨ ᠮᠡᠳᠡᠭᠡᠨ ᠤ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121326899