蒙古文网站Logo
ᠰᠢᠨᠬᠤᠸᠠ ᠮᠤᠩᠭ᠋ᠤᠯ ᠨᠧᠲ

《ᠨᠸᠲ ᠤᠨ ᠬᠡᠪᠯᠡᠯ ᠮᠡᠳᠡᠭᠡᠯᠡᠯ ᠤᠨ ᠬᠢᠨ ᠤ ᠤᠯᠤᠰ ᠤᠨ ᠪᠠᠲᠤᠯᠠᠨ ᠬᠠᠮᠠᠭᠠᠯᠠᠯᠲᠠ ᠢᠢᠨ ᠠᠶᠠᠯᠠᠯ · 2017 》 ᠠᠵᠢᠯᠯᠠᠭ᠎ᠠ ᠤᠳᠠᠬᠤ ᠦᠭᠡᠢ ᠡᠬᠢᠯᠡᠬᠦ ᠪᠡᠷ ᠪᠤᠢ

2017-07-17 14:36

    ᠰᠢ ᠵᠢᠨ ᠫᠢᠩ ᠶᠡᠷᠦᠩᠬᠡᠢ ᠱᠦᠵᠢ ᠶᠢᠨ ᠶᠠᠷᠢᠶᠠᠨ ᠤ ᠵᠤᠷᠢᠭ ᠰᠠᠨᠠᠭ᠎ᠠ ᠶᠢ ᠲᠤᠤᠱᠯᠠᠭᠤᠯᠵᠤ ᠨᠠᠶᠢᠳᠠᠪᠤᠷᠢᠵᠢᠭᠤᠯᠬᠤ ᠪᠠ ᠴᠡᠷᠢᠭ ᠪᠠᠶᠢᠭᠤᠯᠤᠭᠳᠠᠭᠰᠠᠨ 90 ᠵᠢᠯ ᠤᠨ ᠤᠢ  ᠶᠢ ᠪᠡᠯᠭᠡᠯᠡᠬᠦ ᠶᠢᠨ ᠲᠦᠯᠦᠭᠡ 7 ᠰᠠᠷ᠎ᠠ ᠶᠢᠨ ᠳᠤᠮᠳᠠᠴᠢ ᠡᠴᠡ 8 ᠰᠠᠷ᠎ᠠ ᠶᠢᠨ ᠡᠬᠢᠨ ᠪᠤᠯᠲᠠᠯ᠎ᠠ᠂ ᠲᠦᠪ ᠤᠨ ᠴᠡᠷᠢᠭ᠌ ᠤᠨ ᠶᠠᠪᠤᠳᠠᠯ ᠤᠨ ᠬᠤᠷᠢᠶᠠᠨ ᠤ ᠤᠯᠤᠰ ᠲᠦᠷᠦ ᠶᠢᠨ ᠠᠵᠢᠯ ᠤᠨ ᠬᠡᠯᠲᠡᠰ᠂ ᠲᠦᠪ ᠤᠨ ᠨᠸᠲ ᠤᠨ ᠠᠶᠤᠯᠭᠦᠢ ᠪᠤᠯᠤᠨ ᠰᠤᠷᠠᠭ ᠵᠠᠩᠭᠢᠴᠢᠯᠠᠭᠰᠠᠨ ᠤᠳᠤᠷᠢᠳᠬᠤ ᠪᠠᠭ ᠤᠨ ᠠᠯᠪᠠᠨ ᠬᠠᠮᠲᠤᠷᠠᠨ《 ᠬᠦᠴᠦᠷᠬᠡᠭ᠌ ᠴᠡᠷᠢᠭ᠌ ᠤᠨ ᠬᠦᠰᠡᠯ ᠢ ᠬᠠᠮᠲᠤᠪᠠᠷ ᠪᠡᠶᠡᠯᠡᠬᠦᠯᠬᠦ》ᠨᠸᠲ ᠤᠨ ᠬᠡᠪᠯᠡᠯ ᠮᠡᠳᠡᠭᠡᠯᠡᠯ ᠤᠨ ᠬᠢᠨ ᠤ ᠤᠯᠤᠰ ᠤᠨ ᠪᠠᠲᠤᠯᠠᠨ ᠬᠠᠮᠠᠭᠠᠯᠠᠯᠲᠠ  ᠢᠢᠨ ᠠᠶᠠᠯᠠᠯ ᠠᠵᠢᠯᠯᠠᠭ᠎ᠠ ᠵᠤᠬᠢᠶᠠᠨ ᠪᠠᠶᠢᠭᠤᠯᠵᠤ᠂ ᠨᠸᠲ ᠤᠨ ᠬᠡᠪᠯᠡᠯ ᠮᠡᠳᠡᠭᠡᠯᠡᠯ ᠤᠨ ᠬᠠᠷᠢᠭᠤᠴᠠᠯᠭᠠᠲᠠᠨ ᠪᠤᠯᠤᠨ ᠰᠤᠷᠪᠤᠯᠵᠢᠯᠠᠭᠴᠢ ᠨᠠᠶᠢᠷᠠᠭᠤᠯᠤᠭᠴᠢ ᠦᠨᠳᠦᠰᠦᠨ ᠱᠠᠲᠤ᠂ ᠳᠠᠯᠠᠢ ᠳᠠᠭᠠᠤ ᠶᠢᠨ ᠪᠠᠲᠤᠯᠠᠨ ᠬᠠᠮᠠᠭᠠᠯᠠᠯᠲᠠ ᠶᠢᠨ ᠴᠡᠷᠢᠭ᠍ ᠠᠩᠭᠢ ᠪᠡᠷ ᠬᠦᠷᠴᠤ ᠰᠤᠷᠪᠤᠯᠵᠢᠯᠠᠨ᠂ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢᠬᠢ ᠴᠡᠷᠢᠭ᠌ ᠠᠩᠭᠢ ᠶᠢᠨ ᠬᠦᠭ᠍ᠵᠢᠯᠲᠠ᠂ ᠬᠦᠴᠦᠷᠭᠡᠭ᠍ᠵᠢᠯᠲᠡ᠂ ᠠᠮᠵᠢᠯᠲᠠ ᠪᠤᠯᠤᠨ ᠲᠠᠷᠤᠭ᠎ᠠ ᠪᠠᠶᠢᠯᠳᠤᠭᠴᠢᠳ ᠤᠨ ᠰᠢᠨ᠎ᠠ ᠳᠦᠷᠢ ᠳᠦᠷᠬᠦ ᠶᠢ ᠤᠬᠠᠭᠤᠯᠤᠨ᠂ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠨᠸᠲ ᠤᠨ ᠶᠠᠷᠢᠶ᠎ᠠ ᠬᠡᠯᠡᠯᠴᠡᠭᠡ ᠶᠢ ᠪᠤᠢ ᠪᠤᠯᠭᠠᠬᠤ ᠪᠡᠷ ᠪᠤᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121331507