蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠠᠩᠬᠠᠲᠠᠭᠴᠢ ᠤᠷᠤᠨ ᠪᠦᠰᠡ ᠠᠯᠤᠰᠯᠠᠬᠰᠠᠨ ᠬᠤᠷᠲᠤᠨ ᠤ ᠭᠠᠯᠲᠤ ᠲᠡᠷᠭᠡᠨ ᠤ ᠱᠤᠭᠤᠮ ᠠᠰᠢᠭᠯᠠᠯᠲᠠ ᠳ᠋ᠤ ᠤᠷᠤᠯ᠎ᠠ

2017-07-23 11:58

    ᠰᠢᠨᠬᠤᠧᠠ ᠬᠤᠷᠢᠶ᠎ᠠ   ᠬᠦᠬᠡᠬᠤᠲᠠ ᠶᠢᠨ 7 ᠰᠠᠷ᠎ᠠ ᠶᠢᠨ 22 ᠤᠨ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠸᠸᠢ ᠵᠢᠩ ᠢᠦᠢ᠂ ᠸᠠᠩ ᠵᠢᠩ ) 22 ᠤᠨ ᠡᠲᠦᠷ ᠦᠪᠦᠷ ᠮᠤᠩᠭ᠋ᠤᠯ ᠤᠨ ᠠᠩᠬᠠᠲᠠᠭᠴᠢ ᠤᠷᠤᠨ ᠪᠦᠰᠡ ᠠᠯᠤᠰᠯᠠᠬᠰᠠᠨ ᠬᠤᠷᠲᠤᠨ ᠤ ᠭᠠᠯᠲᠤ ᠲᠡᠷᠭᠡ ᠤᠯᠭᠠᠨᠬᠤᠲᠠ ᠦᠷᠲᠡᠭᠡᠨ ᠡᠴᠡ ᠠᠶᠠᠯᠠᠵᠤ 44 ᠮᠢᠨᠦ᠋ᠲ ᠤᠨ ᠲᠠᠷᠠᠭ᠎ᠠ ᠭᠢᠷᠢᠨ ᠮᠤᠵᠢ ᠶᠢᠨ ᠪᠠᠶᠢᠴᠧᠩ ᠦᠷᠲᠡᠭᠡᠨ ᠳ᠋ᠤ ᠬᠦᠷᠦᠯ᠎ᠡ᠃ ᠡᠨᠡ ᠨᠢ ᠦᠪᠦᠷ ᠮᠤᠩᠭ᠋ᠤᠯ ᠤᠨ ᠠᠩᠬᠠᠲᠠᠭᠴᠢ ᠤᠷᠤᠨ ᠪᠦᠰᠡ ᠠᠯᠤᠰᠯᠠᠬᠰᠠᠨ ᠬᠤᠷᠲᠤᠨ ᠤ ᠭᠠᠯᠲᠤ ᠲᠡᠷᠭᠡᠨ ᠤ ᠱᠤᠭᠤᠮ ᠤᠯᠠᠭᠠᠬᠤᠲᠠ - ᠪᠠᠶᠢᠴᠧᠩ ᠪᠦᠬᠦ ᠱᠤᠭᠤᠮ ᠢᠶᠡᠷ ᠢᠶᠡᠨ ᠲᠡᠷᠭᠡ ᠨᠡᠪᠲᠡᠷᠡᠭᠰᠡᠨ ᠢ ᠬᠠᠷᠠᠭᠤᠯᠵᠤ ᠪᠠᠶᠢᠨ᠎ᠠ᠃

    ᠤᠯᠠᠭᠠᠬᠤᠲᠠ - ᠪᠠᠶᠢᠴᠧᠩ ᠬᠤᠷᠲᠤᠨ ᠤ ᠭᠠᠯᠲᠤ ᠲᠡᠷᠭᠡᠨ ᠤ ᠱᠤᠭᠤᠮ  84.27 ᠺᠢᠯᠤᠮᠧᠲ᠋ᠷ᠂ ᠴᠠᠭ ᠲᠤ 160 ᠺᠢᠯᠤᠮᠧᠲ᠋ᠷ ᠠᠶᠠᠯᠠᠬᠤ ᠪᠡᠷ ᠲᠦᠰᠦᠪᠯᠡᠵᠡᠢ᠃ 2017 ᠤᠨ ᠤ 8 ᠰᠠᠷ᠎ᠠ ᠡᠴᠡ ᠠᠵᠢᠯ ᠡᠬᠢᠯᠡᠵᠦ᠂ ᠤᠤᠯ ᠤᠨ ᠤᠯᠠᠭᠠᠬᠤᠲᠠ - ᠪᠠᠶᠢᠴᠧᠩ ᠭᠠᠯᠲᠤ ᠲᠡᠷᠭᠡᠨ ᠤ ᠱᠤᠭᠤᠮ ᠢ ᠦᠷᠭᠡᠳᠭᠡᠨ ᠴᠠᠩᠴᠦ᠋ᠨ - ᠪᠠᠶᠢᠴᠧᠩ ᠬᠤᠷᠲᠤᠨ ᠤ ᠭᠠᠯᠲᠤ ᠲᠡᠷᠭᠡᠨ ᠤ ᠱᠤᠭᠤᠮ ᠲᠠᠢ ᠵᠤᠯᠭᠠᠭᠤᠯᠤᠨ᠂ ᠴᠠᠩᠴᠦ᠋ᠨ - ᠪᠠᠶᠢᠴᠧᠩ - ᠤᠯᠠᠭᠠᠨᠬᠤᠲᠠ ᠬᠤᠷᠲᠤᠨ ᠤ ᠭᠠᠯᠲᠤ ᠲᠡᠷᠭᠡᠨ ᠤ ᠱᠤᠭᠤᠮ ᠪᠤᠯᠭᠠᠪᠠ᠃ ᠲᠤᠰ ᠭᠠᠯᠲᠤ ᠲᠡᠷᠭᠡᠨ ᠤ ᠱᠤᠭᠤᠮ ᠵᠠᠮ ᠲᠠᠭᠠᠤ 25 ᠦᠷᠲᠡᠭᠡ ᠦᠩᠭᠡᠷᠡᠨ᠎ᠡ᠂ ᠡᠭᠦᠨ ᠳ᠋ᠤ 17 ᠦᠷᠲᠡᠭᠡ ᠨᠢ ᠠᠶᠨᠨᠴᠢᠳ ᠲᠤ ᠦᠢᠯᠡᠴᠢᠯᠡᠬᠡ ᠬᠠᠩᠭ᠋ᠠᠨ᠎ᠠ᠃

    ᠦᠷᠭᠡᠳᠬᠡᠨ ᠪᠠᠶᠢᠭᠤᠯᠤᠭᠰᠠᠨ ᠤ ᠲᠠᠷᠠᠭᠠᠬᠢ ᠴᠠᠩᠴᠦ᠋ᠨ - ᠪᠠᠶᠢᠴᠧᠩ - ᠤᠯᠠᠭᠠᠨᠬᠤᠲᠠ ᠬᠤᠷᠲᠤᠨ ᠤ ᠭᠠᠯᠲᠤ ᠤ ᠲᠡᠷᠭᠡᠨ ᠤ ᠱᠤᠭᠤᠮ  ᠪᠠᠷᠠᠭᠤᠨᠰᠢ ᠪᠠᠨ ᠪᠠᠶᠢᠴᠧᠩ - ᠷᠠᠰᠢᠶᠠᠨ ᠱᠤᠭᠤᠮ᠂ ᠢᠮᠢᠨ - ᠷᠠᠰᠢᠶᠠᠨ ᠱᠤᠭᠤᠮ᠂ ᠰᠢᠯᠢᠩᠬᠤᠲᠠ - ᠤᠯᠠᠭᠠᠨᠬᠤᠲᠠ ᠱᠤᠭᠤᠮ ᠢ ᠬᠤᠯᠪᠤᠵᠤ ᠬᠦᠯᠦᠨ ᠪᠤᠶᠢᠷ᠂ ᠬᠤᠤᠯᠢᠩᠭ᠋ᠤᠤᠯ᠂ ᠰᠢᠯᠢ ᠶᠢᠨ ᠭᠤᠤᠯ ᠵᠡᠷᠭᠡ ᠦᠪᠦᠷ ᠮᠤᠩᠭ᠋ᠤᠯ ᠤᠨ ᠵᠡᠭᠦᠨ ᠪᠦᠰᠡ᠂ ᠵᠡᠬᠦᠨᠰᠢ ᠪᠠᠨ ᠬᠠᠷᠪᠢᠨ - ᠳ᠋ᠠᠯᠢᠶᠠᠨ ᠬᠤᠷᠲᠤᠨ ᠤ ᠲᠠᠮᠦᠷ ᠵᠠᠮ ᠤᠨ ᠱᠤᠭᠤᠮ᠂ ᠴᠠᠩᠴᠦ᠋ᠨ - ᠡᠾᠦ᠋ᠨᠴᠦ᠋ᠨ ᠬᠤᠷᠲᠤᠨ ᠤ ᠲᠠᠮᠦᠷ ᠵᠠᠮ ᠤᠨ ᠱᠤᠭᠤᠮ ᠲᠠᠢ ᠵᠤᠯᠭᠠᠵᠤ᠂ ᠵᠡᠬᠦᠨ ᠬᠤᠶᠢᠲᠤ ᠪᠦᠰᠡ ᠶᠢᠨ ᠬᠤᠷᠲᠤᠨ ᠤ ᠲᠡᠮᠦᠷ ᠵᠠᠮ ᠤᠨ ᠪᠦᠰᠡ ᠶᠢ ᠰᠢᠯᠢᠲᠡᠭᠵᠢᠬᠦᠯᠵᠦ᠂ ᠦᠪᠦᠷ ᠮᠤᠩᠭ᠋ᠤᠯ ᠤᠨ ᠵᠡᠬᠦᠨ ᠪᠦᠰᠡ᠂ ᠭᠢᠷᠢᠨ ᠤ ᠲᠤᠮᠲᠠ ᠪᠠᠷᠠᠭᠤᠨ ᠪᠦᠰᠡ ᠶᠢᠨ ᠬᠡᠰᠡᠭ ᠶᠠᠲᠠᠭᠤ ᠬᠦᠴᠢᠷᠲᠡᠯᠲᠡᠢ ᠤᠷᠤᠨ ᠪᠦᠰᠡ ᠶᠢ ᠬᠤᠷᠲᠤᠨ ᠤ ᠭᠠᠯᠲᠤ ᠲᠡᠷᠭᠡᠨ ᠤ  ᠴᠠᠭ ᠦᠶ᠎ᠠ ᠳ᠋ᠤ ᠤᠷᠤᠭᠤᠯᠪᠠ᠃ ᠡᠨᠡᠬᠦ ᠭᠠᠯᠲᠤ ᠲᠡᠷᠭᠡᠨ ᠤ ᠱᠤᠭᠤᠮ ᠨᠡᠪᠲᠡᠷᠡᠭᠰᠡᠨ ᠤ ᠲᠠᠷᠠᠭ᠎ᠠ ᠤᠯᠠᠭᠠᠨᠬᠤᠲᠠ ᠡᠴᠡ ᠪᠠᠶᠢᠴᠧᠩ ᠬᠦᠷᠬᠦ ᠳ᠋ᠤ 44 ᠮᠢᠨᠦ᠋ᠲ᠂ ᠴᠠᠩᠴᠦ᠋ᠨ ᠬᠦᠷᠬᠦ ᠳ᠋ᠤ 3᠄ 26 ᠴᠠᠭ ᠂ ᠪᠡᠭᠡᠵᠢᠩ ᠬᠦᠷᠬᠦ ᠳ᠋ᠤ 10 ᠴᠠᠭ ᠤᠷᠴᠢᠮ ᠪᠤᠯᠭᠠᠨ ᠪᠤᠭᠤᠨᠢᠰᠬᠠᠵᠠᠢ᠃

    ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠸᠠᠩ ᠪᠦᠸᠸ ᠶᠢᠨ ᠲᠠᠨᠢᠯᠴᠠᠭᠤᠯᠤᠭᠰᠠᠨ ᠢᠶᠡᠷ᠂ ᠦᠪᠡᠷᠲᠡᠭᠡᠨ ᠵᠠᠰᠠᠬᠤ ᠤᠷᠤᠨ ᠪᠠᠶᠢᠭᠤᠯᠤᠭᠲᠠᠭᠰᠠᠨ 70 ᠵᠢᠯ ᠤᠨ ᠲᠤᠷᠰᠢ ᠲᠠᠮᠦᠷ ᠵᠠᠮ 2000 ᠺᠢᠯᠤᠮᠧᠲ᠋ᠷ ᠪᠠᠶᠢᠭᠰᠠᠨ ᠡᠴᠡ ᠪᠠᠨ ᠤᠲᠤ 1.37 ᠲᠦᠮᠡᠨ ᠺᠢᠯᠤᠮᠧᠲ᠋ᠷ ᠪᠤᠯᠵᠤ ᠤᠯᠤᠰ ᠲᠠᠶᠠᠭᠠᠷ ᠲᠤ ᠲᠡᠷᠢᠬᠦᠯᠡᠪᠡ᠃ 2020 ᠤᠨ ᠪᠤᠯᠬᠤ ᠳ᠋ᠤ ᠦᠪᠦᠷ ᠮᠤᠩᠭ᠋ᠤᠯ ᠤᠨ ᠲᠡᠮᠦᠷ ᠵᠠᠮ 1.65 ᠲᠦᠮᠡᠨ ᠺᠢᠯᠤᠮᠸᠲ᠋ᠷ ᠪᠤᠯᠵᠤ᠂ ᠬᠤᠷᠲᠤᠨ ᠤ ᠲᠡᠮᠦᠷ ᠵᠠᠮ ᠤᠨ ᠤᠷᠲᠤ 2000 ᠺᠢᠯᠤᠮᠧᠲ᠋ᠷ ᠲᠠᠪᠠᠬᠤ ᠪᠤᠯᠤᠨ᠎ᠠ᠃ ᠬᠦᠬᠡᠬᠤᠲᠠ᠂ ᠪᠤᠭᠤᠲᠤ᠂ ᠤᠷᠲᠤᠰ᠂ ᠤᠯᠠᠭᠠᠨᠴᠠᠪ᠂ ᠲᠦᠩᠯᠢᠶᠤᠤ᠂ ᠤᠯᠠᠭᠠᠨᠬᠠᠲᠠ ᠵᠡᠷᠭᠡ ᠭᠤᠤᠯ ᠬᠤᠲᠠ ᠳ᠋ᠤ ᠬᠤᠷᠲᠤᠨ ᠤ ᠲᠡᠮᠦᠷ ᠵᠠᠮ  ᠨᠡᠪᠲᠡᠷᠡᠬᠦᠯᠵᠦ᠂ ᠠᠶᠢᠮᠠᠭ ᠤᠨ ᠵᠡᠷᠭᠡᠯᠡᠯ ᠤᠨ ᠵᠠᠰᠠᠭ ᠵᠠᠬᠢᠷᠭᠠᠨ ᠤ ᠪᠦᠰᠡ ᠳ᠋ᠤ ᠦᠨᠳᠦᠰᠦᠨ ᠳ᠋ᠡᠭᠡᠨ ᠬᠤᠷᠲᠤᠨ ᠤ ᠲᠡᠮᠦᠷ ᠵᠠᠮ ᠢ ᠨᠡᠪᠲᠡᠷᠡᠬᠦᠯᠬᠦ ᠪᠤᠯᠤᠨ᠎ᠠ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121365417