蒙古文网站Logo
ᠰᠢᠨᠬᠤᠸᠠ ᠮᠤᠩᠭ᠋ᠤᠯ ᠨᠧᠲ

ᠬᠤᠶᠠᠲᠤᠭᠠᠷ ᠬᠤᠭᠤᠴᠠᠭᠠᠨ ᠤ ᠲᠤᠮᠲᠠᠲᠤ - ᠮᠤᠩᠭ᠋ᠤᠯ ᠤᠨ ᠦᠵᠡᠰᠬᠦᠯᠡᠩ 9 ᠰᠠᠷ᠎ᠠ ᠶᠢᠨ 26 ᠤ ᠡᠲᠦᠷ ᠡᠴᠡ 30 ᠤ ᠡᠲᠦᠷ ᠪᠤᠯᠲᠠᠯ᠎ᠠ ᠬᠦᠬᠡᠬᠤᠲᠠ ᠳ᠋ᠤ ᠶᠠᠪᠤᠭᠲᠠᠨ᠎ᠠ

2017-08-03 11:18

    ᠬᠤᠶᠠᠲᠤᠭᠠᠷ ᠬᠤᠭᠤᠴᠠᠭᠠᠨ ᠤ ᠲᠤᠮᠲᠠᠲᠤ ᠮᠤᠩᠭ᠋ᠤᠯ ᠤᠨ ᠦᠵᠡᠰᠬᠦᠯᠡᠩ ᠤᠨ ᠬᠡᠪᠯᠡᠯ ᠮᠡᠲᠡᠭᠡᠯᠡᠯ ᠤᠨ ᠪᠠᠭ᠎ᠠ ᠬᠤᠷᠠᠯ 8 ᠰᠠᠷ᠎ᠠ ᠶᠢᠨ 1 ᠤ ᠡᠲᠦᠷ ᠤᠨ ᠦᠲᠡ ᠶᠢᠨ ᠡᠮᠦᠨ᠎ᠡ ᠪᠡᠭᠡᠵᠢᠩ ᠳ᠋ᠤ ᠪᠤᠯᠵᠤ ᠦᠩᠭᠡᠷᠡᠪᠡ᠃

    ᠲᠤᠰ ᠬᠡᠪᠯᠡᠯ ᠮᠡᠲᠡᠭᠡᠯᠡᠯ ᠤᠨ ᠪᠠᠭ᠎ᠠ ᠬᠤᠷᠠᠯ ᠳ᠋ᠤ ᠤᠯᠤᠰ ᠤᠨ ᠬᠤᠲᠠᠯᠲᠤᠭᠠᠨ ᠤ ᠶᠠᠮᠤᠨ ᠤ ᠲᠡᠳ᠋ ᠰᠠᠶᠢᠳ ᠴᠢᠶᠠᠨ ᠺᠧ ᠮᠢᠩ᠂ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠠᠢ ᠯᠢ ᠬᠤᠧᠠ᠂ ᠮᠤᠩᠭ᠋ᠤᠯ ᠤᠯᠤᠰ ᠤᠨ ᠬᠦᠨᠡᠰᠦ ᠬᠦᠲᠡᠭᠡ ᠠᠵᠤ ᠠᠬᠤᠢ ᠬᠦᠩᠭᠡᠨ ᠠᠵᠤ ᠦᠢᠯᠡᠳᠪᠦᠷᠢ ᠶᠢᠨ ᠶᠠᠮᠤᠨ ᠤ ᠲᠡᠷᠢᠬᠦᠨ ᠨᠠᠷᠢᠨ ᠪᠢᠴᠢᠭᠡᠴᠢ ᠯ• ᠪᠠᠶᠠᠷᠲᠤᠯᠭ᠎ᠠ᠂ ᠤᠯᠤᠰ ᠤᠨ ᠬᠤᠲᠠᠯᠲᠤᠭᠠᠨ ᠤ ᠶᠠᠮᠤᠨ ᠤ ᠬᠡᠪᠯᠡᠯ ᠤᠨ ᠲᠦᠯᠦᠭᠡᠯᠡᠭᠴᠢ ᠭᠤᠤ ᠴᠧᠩ ᠨᠠᠷ ᠤᠷᠤᠯᠴᠠᠵᠤ᠂ ᠬᠤᠶᠠᠲᠤᠭᠠᠷ ᠬᠤᠭᠤᠴᠠᠭᠠᠨ ᠤ ᠲᠤᠮᠲᠠᠲᠤ - ᠮᠤᠩᠭ᠋ᠤᠯ ᠤᠨ ᠦᠵᠡᠰᠬᠦᠯᠡᠩ ᠤᠨ ᠲᠤᠬᠠᠢ ᠲᠠᠨᠢᠯᠴᠠᠭᠤᠯᠤᠭᠰᠠᠨ ᠪᠦᠭᠡᠳ ᠰᠤᠷᠪᠤᠯᠵᠢᠯᠠᠭᠴᠢᠳ ᠤᠨ ᠠᠰᠠᠭᠤᠯᠲᠠ ᠶᠢ ᠬᠠᠷᠢᠭᠤᠯᠤᠭᠰᠠᠨ ᠪᠠᠶᠢᠨ᠎ᠠ᠃

    ᠬᠤᠶᠠᠲᠤᠭᠠᠷ ᠬᠤᠭᠤᠴᠠᠭᠠᠨ ᠤ ᠲᠤᠮᠲᠠᠲᠤ - ᠮᠤᠩᠭ᠋ᠤᠯ ᠤᠨ ᠦᠵᠡᠰᠬᠦᠯᠡᠩ 9 ᠰᠠᠷ᠎ᠠ ᠶᠢᠨ 26 ᠤ ᠡᠲᠦᠷ ᠡᠴᠡ 30 ᠤ ᠡᠲᠦᠷ ᠪᠤᠯᠲᠠᠯ᠎ᠠ ᠬᠦᠬᠡᠬᠤᠲᠠ ᠳ᠋ᠤ ᠵᠤᠬᠢᠶᠠᠨ ᠪᠠᠶᠢᠭᠤᠯᠤᠬᠲᠠᠨ᠎ᠠ᠃ ᠡᠨᠡ ᠤᠲᠠᠭᠠᠨ ᠤ ᠦᠵᠡᠰᠬᠦᠯᠡᠩ ᠨᠢ 《ᠲᠤᠮᠲᠠᠲᠤ ᠮᠤᠩᠭ᠋ᠤᠯ ᠤᠷᠤᠰ ᠤᠨ ᠡᠳ᠋ ᠤᠨ ᠵᠠᠰᠠᠭ ᠤᠨ ᠬᠤᠩᠬᠢᠯ ᠶᠢ ᠪᠦᠲᠦᠭᠡᠨ ᠪᠠᠶᠢᠭᠤᠯᠬᠤ᠂ ᠲᠡᠯᠡᠬᠡᠢ ᠨᠡᠶᠢᠲᠡ ᠳ᠋ᠤ ᠬᠠᠨᠲᠤᠭᠰᠠᠨ ᠬᠠᠮᠲᠤ ᠶᠢᠨ ᠠᠵᠢᠯᠯᠠᠭ᠎ᠠ᠂ ᠬᠠᠮᠲᠤ ᠶᠢᠨ ᠤᠯᠤᠯᠲᠠ ᠠᠮᠵᠢᠯᠲᠠ》ᠬᠡᠮᠡᠬᠦ ᠰᠡᠳᠦᠪ ᠤᠨ ᠲᠤᠤᠷ᠎ᠠ ᠪᠤᠯᠬᠤ ᠪᠦᠭᠡᠳ ᠦᠵᠡᠰᠬᠦᠯᠡᠩ ᠶᠠᠭᠠᠷᠠᠮᠠᠭ᠂ ᠴᠢᠭᠤᠯᠭ᠎ᠠ ᠠᠭᠤᠯᠵᠠᠯᠲᠠ᠂ ᠬᠤᠲᠠᠯᠲᠤᠭ᠎ᠠ ᠬᠦᠷᠦᠩᠭᠡ ᠤᠷᠤᠭᠤᠯᠤᠯᠲᠠ ᠵᠡᠷᠭᠡ ᠠᠷᠪᠠ ᠭᠠᠷᠤᠢ ᠠᠷᠭ᠎ᠠ ᠬᠡᠮᠵᠢᠶ᠎ᠠ ᠵᠤᠬᠢᠶᠠᠨ ᠪᠠᠶᠢᠭᠤᠯᠤᠭᠲᠠᠵᠤ ᠤᠷᠤᠯᠴᠠᠭᠴᠢ ᠲᠠᠯ᠎ᠠ ᠤᠳ ᠲᠤ ᠤᠶᠢᠯᠠᠭᠠᠯᠴᠠᠯ᠂ ᠰᠤᠯᠢᠯᠴᠠᠭᠠᠨ ᠤ ᠶᠡᠨᠳᠡᠷ ᠢ ᠪᠤᠢ ᠪᠤᠯᠭᠠᠨ᠎ᠠ᠃

    ᠬᠤᠶᠠᠲᠤᠭᠠᠷ ᠬᠤᠭᠤᠴᠠᠭᠠᠨ ᠤ ᠲᠤᠮᠲᠠᠲᠤ - ᠮᠤᠩᠭ᠋ᠤᠯ ᠤᠨ ᠦᠵᠡᠰᠬᠦᠯᠡᠩ ᠢ ᠤᠯᠤᠰ ᠤᠨ ᠬᠤᠲᠠᠯᠲᠤᠭᠠᠨ ᠤ ᠶᠠᠮᠤᠨ᠂ ᠮᠤᠩᠭ᠋ᠤᠯ ᠤᠯᠤᠰ ᠤᠨ ᠬᠦᠨᠡᠰᠦ ᠬᠦᠲᠡᠭᠡ ᠠᠵᠤ ᠠᠬᠤᠢ ᠬᠦᠩᠭᠡᠨ ᠠᠵᠤ ᠦᠢᠯᠡᠳᠪᠦᠷᠢ ᠶᠢᠨ ᠶᠠᠮᠤᠨ ᠪᠤᠯᠤᠨ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠡᠴᠡ ᠵᠤᠬᠢᠶᠠᠨ ᠪᠠᠶᠢᠭᠤᠯᠬᠤ ᠪᠤᠯᠤᠨ᠎ᠠ᠃

ᠢᠷᠡᠯᠳᠡ᠄ ᠰᠤᠯᠤᠩᠭ᠋᠎ᠠ ᠮᠡᠲᠡᠭᠡᠯᠡᠯ ᠤᠨ ᠲᠦᠪ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121425430