蒙古文网站Logo
ᠰᠢᠨᠬᠤᠸᠠ ᠮᠤᠩᠭ᠋ᠤᠯ ᠨᠧᠲ

ᠦᠨᠳᠦᠰᠦᠲᠡᠨ ᠤ ᠪᠦᠯᠬᠦᠮᠲᠡᠯ ᠤᠨ ᠬᠦᠭ᠍ᠵᠢᠯᠲᠠ ᠶᠢᠨ ᠲᠤᠮᠲᠠᠲᠤ ᠤᠯᠤᠰ ᠤᠨ ᠦᠯᠢᠭᠡᠷ ᠢ ᠪᠢᠴᠢᠭᠯᠡᠶ᠎ᠡ

2017-08-09 17:03

    ᠮᠠᠨ ᠤ ᠤᠯᠤᠰ ᠤᠨ ᠮᠤᠵᠢ ᠶᠢᠨ ᠵᠡᠷᠭᠡᠯᠡᠯ ᠤᠨ ᠤᠤᠭᠠᠨ ᠴᠦᠬᠡᠨ ᠲᠤᠭᠠᠲᠤ ᠦᠨᠳᠦᠰᠦᠲᠡᠨ ᠤ ᠦᠪᠡᠷᠲᠡᠭᠡᠨ ᠵᠠᠰᠠᠬᠤ ᠭᠠᠵᠠᠷ ᠤᠷᠤᠨ ᠪᠠᠶᠢᠭᠤᠯᠤᠭᠲᠠᠭᠰᠠᠨ 70 ᠵᠢᠯ ᠤᠨ ᠤᠢ ᠶᠢᠨ ᠲᠠᠰᠢᠷᠠᠮ ᠳ᠋ᠤ

    ᠲᠠᠷᠠᠭᠠᠬᠢ ᠬᠤᠶᠠᠷ ᠵᠢᠷᠤᠭ ᠪᠤᠯ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠤᠯᠠᠭᠠᠨᠬᠤᠲᠠ ᠶᠢᠨ ᠬᠢᠩᠭ᠋ᠠᠨ ᠵᠡᠭᠡᠯᠢ ᠶᠢᠨ ᠵᠢᠷᠤᠭ ᠤᠨ ᠬᠠᠷᠢᠴᠠᠭᠤᠯᠤᠯ ᠪᠤᠯᠤᠨ᠎ᠠ᠃ ᠬᠦᠮᠦᠨ ᠲᠦᠷᠦᠯᠬᠢᠲᠡᠨ ᠤ ᠲᠡᠦᠬᠡ ᠶᠢᠨ ᠬᠦᠭ᠍ᠵᠢᠯᠲᠠ ᠶᠢᠨ ᠬᠠᠭᠤᠲᠠᠰᠤᠨ ᠳ᠋ᠤ 70 ᠵᠢᠯ ᠪᠤᠯ ᠬᠤᠷᠤᠮᠬᠠᠨ ᠵᠠᠭᠤᠷ᠎ᠠ ᠲᠡᠲᠦᠢ᠂ ᠭᠡᠬᠦ ᠳ᠋ᠤ ᠨᠢᠭᠡ ᠪᠠᠶᠢᠭᠤᠯᠤᠯ ᠤᠨ ᠬᠦᠭ᠍ᠵᠢᠯᠲᠠ ᠶᠢᠨ ᠠᠬᠢᠴᠠ ᠲᠤᠮᠲᠠ 70 ᠵᠢᠯ ᠨᠢ ᠭᠡᠷᠡᠯ ᠰᠠᠴᠤᠷᠠᠩᠭ᠋ᠤᠢ ᠬᠠᠭᠤᠲᠠᠰᠤ ᠶᠢ ᠪᠢᠴᠢᠭᠯᠡᠪᠡ᠃ 1947 ᠤᠨ ᠳ᠋ᠤ ᠮᠠᠨ ᠤ ᠤᠯᠤᠰ ᠤᠨ ᠮᠤᠵᠢ ᠶᠢᠨ ᠵᠡᠷᠭᠡᠯᠡᠯ ᠤᠨ ᠤᠤᠭᠠᠨ ᠴᠦᠬᠡᠨ ᠲᠤᠭᠠᠲᠤ ᠦᠨᠳᠦᠰᠦᠲᠡᠨ ᠤ ᠦᠪᠡᠷᠲᠡᠭᠡᠨ ᠵᠠᠰᠠᠬᠤ ᠭᠠᠵᠠᠷ ᠤᠷᠤᠨ ᠪᠤᠯᠬᠤ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠲᠠᠵᠤ᠂ ᠮᠠᠨ ᠤ ᠤᠯᠤᠰ ᠤᠨ ᠴᠦᠬᠡᠨ ᠲᠤᠭᠠᠲᠤ ᠦᠨᠳᠦᠰᠦᠲᠡᠨ ᠤ ᠤᠷᠤᠨ ᠳ᠋ᠤ ᠦᠪᠡᠷᠲᠡᠭᠡᠨ ᠵᠠᠰᠠᠬᠤ ᠪᠠᠶᠢᠭᠤᠯᠤᠯ ᠢ ᠬᠡᠷᠡᠭᠵᠢᠬᠦᠯᠬᠦ ᠦᠯᠢᠭᠡᠷ ᠲᠠᠭᠤᠷᠢᠶᠠᠯ ᠪᠤᠯᠪᠠ᠃ ᠡᠨᠡᠬᠦ ᠪᠠᠶᠢᠭᠤᠯᠤᠯ ᠤᠨ ᠬᠡᠷᠡᠭᠵᠢᠬᠦᠯᠦᠭᠲᠡᠭᠰᠡᠨ ᠨᠢ ᠨᠢᠭᠡᠲᠦᠮᠡᠯ ᠤᠯᠠᠨ ᠦᠨᠳᠦᠰᠦᠲᠡᠨ ᠲᠠᠢ ᠤᠯᠤᠰ ᠤᠨ ᠴᠡᠴᠡᠭᠯᠡᠨ ᠬᠦᠭ᠍ᠵᠢᠯᠲᠠ ᠪᠠ ᠪᠦᠯᠬᠦᠮᠲᠡᠯ ᠲᠠᠪᠰᠢᠯᠲᠠ ᠳ᠋ᠤ ᠪᠠᠲᠤ ᠰᠠᠭᠤᠷᠢ ᠶᠢ ᠬᠠᠩᠭ᠋ᠠᠭᠰᠠᠨ ᠶᠤᠮ᠃

    ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠰᠢᠯᠢ ᠶᠢᠨ ᠭᠤᠤᠯ ᠠᠶᠢᠮᠠᠭ ᠤᠨ ᠮᠤᠩᠭ᠋ᠤᠯ ᠲᠤᠮᠲᠠᠲᠤ ᠰᠤᠷᠭᠠᠭᠤᠯᠢ ᠶᠢᠨ ᠮᠤᠩᠭ᠋ᠤᠯ ᠬᠡᠯᠡᠨ ᠤ ᠪᠠᠭᠰᠢ ᠲᠡᠭᠡᠲᠦ ᠨᠢᠭᠡ ᠶᠢᠨ ᠰᠤᠷᠤᠭᠴᠢᠳ ᠲᠤ ᠬᠢᠴᠢᠶᠠᠯ ᠤᠷᠤᠵᠤ ᠪᠠᠶᠢᠨ᠎ᠠ᠃ 1947 ᠤᠨ ᠳ᠋ᠤ ᠦᠪᠦᠷ ᠮᠤᠩᠭ᠋ᠤᠯ ᠤᠨ ᠰᠤᠷᠭᠠᠭᠤᠯᠢ ᠳ᠋ᠤ ᠰᠤᠷᠤᠯᠴᠠᠵᠤ ᠪᠠᠶᠢᠬᠰᠠᠨ ᠴᠦᠬᠡᠨ ᠲᠤᠭᠠᠲᠤ ᠦᠨᠳᠦᠰᠦᠲᠡᠨ ᠤ ᠰᠤᠷᠤᠭᠴᠢ ᠵᠦᠪᠬᠡᠨ 2.2 ᠲᠦᠮᠡ ᠪᠠᠶᠢᠵᠠᠢ᠃ 70 ᠵᠢᠯ ᠤᠨ ᠬᠦᠭ᠍ᠵᠢᠯᠲᠠ ᠪᠡᠷ ᠲᠠᠮᠵᠢᠨ ᠦᠪᠦᠷ ᠮᠤᠩᠭ᠋ᠤᠯ ᠤᠨ ᠦᠪᠡᠷᠡᠭᠡᠨ ᠵᠠᠰᠠᠬᠤ ᠤᠷᠤᠨ ᠤ ᠬᠤᠶᠠᠷ ᠬᠡᠯᠡᠨ ᠤ ᠰᠤᠷᠭᠠᠨ ᠬᠦᠮᠦᠵᠢᠯ ᠨᠢ ᠡᠬᠡ ᠬᠡᠯᠡ ᠪᠠ ᠬᠢᠲᠠᠳ ᠬᠡᠯᠡ ᠳ᠋ᠤ ᠨᠡᠪᠲᠡᠷᠡᠬᠦ ᠪᠡᠷ ᠦᠨᠳᠦᠰᠦᠨ ᠬᠠᠷᠠᠯᠲᠠ ᠪᠤᠯᠭᠠᠵᠤ᠂ ᠰᠤᠷᠭᠠᠭᠤᠯᠢ   ᠡᠴᠡ ᠡᠮᠦᠨᠡᠬᠢ ᠰᠤᠷᠭᠠᠨ ᠬᠦᠮᠦᠵᠢᠯ ᠡᠴᠡ ᠪᠠᠭ᠎ᠠ᠂ ᠲᠤᠮᠲᠠᠲᠤ᠂ ᠶᠡᠬᠡ ᠰᠤᠷᠭᠠᠭᠤᠯᠢ ᠶᠢᠨ ᠡᠯ᠎ᠡ ᠱᠠᠲᠤᠨ ᠳ᠋ᠤ ᠪᠦᠲᠦᠮᠵᠢᠲᠠᠢ ᠵᠤᠯᠭᠠᠭᠤᠯᠵᠤ᠂ ᠪᠠᠭᠰᠢ ᠶᠢᠨ ᠡᠩᠨᠡᠭᠡ᠂ ᠵᠢᠭᠠᠬᠤ ᠮᠠᠲ᠋ᠧᠷᠢᠶᠠᠯ᠂ ᠵᠢᠭᠠᠨ ᠰᠤᠷᠭᠠᠯᠲᠠ᠂ ᠰᠤᠷᠤᠭᠴᠢ ᠡᠯᠰᠡᠬᠦ᠂ ᠠᠵᠢᠯ ᠤᠯᠭᠤᠯᠲᠠ ᠵᠡᠷᠭᠡ ᠡᠯ᠎ᠡ ᠭᠤᠭᠴᠤᠭ᠎ᠠ ᠶᠢ ᠬᠠᠮᠤᠷᠪᠠ᠃ ᠤᠲᠤᠬᠠᠨ ᠳ᠋ᠤ ᠤᠷᠤᠨ ᠲᠠᠶᠠᠭᠠᠷ ᠲᠤ ᠦᠨᠳᠦᠰᠦᠲᠡᠨ ᠤ ᠲᠤᠮᠲᠠᠲᠤ ᠪᠠᠭ᠎ᠠ ᠰᠤᠷᠭᠠᠭᠤᠯᠢ 502 ᠂ ᠰᠤᠷᠤᠭᠴᠢ ᠶᠢᠨ ᠲᠤᠭ᠎ᠠ 30 ᠲᠦᠮᠡ ᠶᠢ ᠲᠠᠪᠠᠪᠠ᠃

    2016 ᠤᠨ ᠤ 10 ᠰᠠᠷ᠎ᠠ ᠶᠢᠨ 7 ᠤ ᠡᠲᠦᠷ ᠡᠴᠡ ᠡᠬᠢᠯᠡᠨ ᠰᠢᠪᠡᠭᠡ ᠦᠨᠳᠦᠰᠦᠲᠡᠨ ᠤ ᠬᠡᠦᠬᠡᠨ ᠺᠦᠩ ᠵᠢᠶᠠ ᠨᠢᠩ ᠪᠠ ᠲᠡᠬᠦᠨ ᠤ ᠬᠠᠶᠢᠷᠠᠲᠠᠢ ᠵᠠᠯᠠᠭᠤ ᠳ᠋ᠢᠩ ᠴᠧᠨ ᠬᠤᠤ ( ᠮᠠᠨᠵᠤ ᠦᠨᠳᠦᠰᠦᠲᠡᠨ ) ᠬᠤᠷᠢᠮ ᠤᠨ ᠶᠤᠰᠤᠯᠠᠯ ᠢᠶᠡᠨ ᠪᠡᠯᠡᠳᠭᠡᠵᠦ ᠶᠠᠭᠠᠷᠠᠵᠤ ᠪᠠᠶᠢᠯ᠎ᠠ᠃ ᠰᠢᠨᠵᠢᠶᠠᠩ ᠤᠨ ᠤᠶᠢᠭᠤᠷ ᠤᠨ ᠦᠪᠡᠷᠲᠡᠭᠡᠨ ᠵᠠᠰᠠᠬᠤ ᠤᠷᠤᠨ ᠤ ᠲᠠᠷᠪᠠᠭᠠᠲᠠᠢ ᠬᠤᠲᠠ ᠳ᠋ᠤ ᠤᠯᠠᠨ ᠦᠨᠳᠦᠰᠦᠲᠡᠨ ᠢᠶᠡᠷ ᠪᠦᠷᠢᠯᠲᠦᠭ᠍ᠰᠡᠨ ᠠᠶᠢᠯ ᠭᠡᠷ ᠲᠦᠭᠡᠮᠡᠯ ᠬᠠᠷᠠᠭᠲᠠᠲᠠᠭ᠃ ᠺᠦᠩ ᠵᠢᠶᠠ ᠨᠢᠩ ᠤᠨ ᠠᠪᠤ ᠨᠢ ᠰᠢᠪᠡᠭᠡ ᠦᠨᠳᠦᠰᠦᠲᠡᠨ᠂ ᠡᠵᠢ ᠨᠢ ᠲᠠᠭᠤᠷ ᠦᠨᠳᠦᠰᠦᠲᠡᠨ᠃ ᠺᠦᠩ ᠵᠢᠶᠠ ᠨᠢᠩ ᠤᠨ ᠬᠤᠷᠢᠮ ᠤᠨ ᠬᠤᠪᠴᠠᠰᠤ ᠨᠢ ᠲᠠᠭᠤᠷ ᠦᠨᠳᠦᠰᠦᠲᠡᠨ ᠪᠠ ᠰᠢᠪᠡᠭᠡ ᠦᠳᠦᠰᠦᠲᠡᠨ ᠤ ᠤᠨᠴᠠᠯᠢᠭ ᠢ ᠤᠶᠠᠯᠲᠤᠭᠤᠯᠤᠭᠰᠠᠨ ᠪᠠᠶᠢᠯ᠎ᠠ᠃

      ᠰᠢᠨᠵᠢᠶᠠᠩ ᠤᠨ ᠤᠶᠢᠭᠤᠷ ᠤᠨ ᠦᠪᠡᠷᠲᠡᠭᠡᠨ ᠵᠠᠰᠠᠬᠤ ᠤᠷᠤᠨ ᠤ ᠺᠠᠱᠭᠠᠷ ᠤᠨ ᠬᠠᠭᠤᠴᠢᠨ ᠬᠤᠲᠠ ᠶᠢᠨ ᠴᠠᠢ ᠶᠢᠨ ᠮᠤᠬᠤᠯᠠᠭ ᠲᠤ ᠬᠡᠲᠦᠨ ᠤᠶᠢᠭᠤᠷ ᠦᠨᠳᠦᠰᠦᠲᠡᠨ ᠤ ᠢᠷᠭᠡᠨ ᠴᠠᠢ ᠤᠤᠭᠤᠵᠤ ᠰᠠᠭᠤᠨ᠎ᠠ᠃

    ᠭᠤᠧᠠᠩᠰᠢ ᠶᠢᠨ ᠵᠤᠧᠠᠩ ᠦᠨᠳᠦᠰᠦᠲᠡᠨ ᠤ ᠦᠪᠡᠷᠲᠡᠭᠡᠨ ᠵᠠᠰᠠᠬᠤ ᠤᠷᠤᠨ ᠤ ᠨᠠᠨᠨᠢᠩ ᠬᠤᠲᠠ ᠶᠢᠨ ᠢ ᠹᠦ᠋ ᠪᠠᠭ᠎ᠠ ᠰᠤᠷᠭᠠᠭᠤᠯᠢ ᠶᠢᠨ ᠬᠡᠦᠬᠡᠳ ᠦᠨᠳᠦᠰᠦᠲᠡᠨ ᠤ ᠪᠠᠨ ᠬᠤᠪᠴᠠᠰᠤ ᠵᠠᠰᠠᠯ ᠢᠶᠡᠷ ᠭᠤᠶᠤᠵᠤ᠂ ᠵᠤᠧᠠᠩ ᠦᠨᠳᠦᠰᠦᠲᠡᠨ ᠤ ᠭᠤᠷᠪᠠᠨ ᠰᠠᠷ᠎ᠠ ᠶᠢᠨ ᠭᠤᠷᠪᠠᠨ ᠤ ᠪᠠᠶᠠᠷ ᠢᠶᠡᠨ ᠲᠡᠮᠲᠡᠭᠯᠡᠨ᠎ᠡ᠃

    ᠠᠷᠪᠠᠨ ᠲᠦᠮᠡᠨ ᠲᠤᠨ ᠤᠯᠠᠨ ᠤᠯᠤᠰ ᠤᠨ ᠪᠠᠷᠠᠭ᠎ᠠ ᠲᠡᠭᠡᠭᠡᠭ᠍ᠰᠡᠨ ᠴᠢᠩᠭᠡᠯᠢᠭ᠌ ᠭᠤᠧᠠᠩᠰᠢ ᠶᠢᠨ ᠵᠤᠧᠠᠩ ᠦᠨᠳᠦᠰᠦᠲᠡᠨ ᠤ ᠦᠪᠡᠷᠲᠡᠭᠡᠨ ᠵᠠᠰᠠᠬᠤ ᠤᠷᠤᠨ ᠤ ᠴᠢᠨᠵᠧᠦ ᠶᠢᠨ ᠭᠠᠶᠢᠯᠢ ᠪᠠᠲᠤᠯᠠᠬᠤ ᠭᠠᠷᠠᠮ ᠳ᠋ᠤ᠃

    ᠨᠢᠩᠰᠢᠶᠠ ᠶᠢᠨ ᠬᠤᠲᠤᠩ ᠦᠨᠳᠦᠰᠦᠲᠡᠨ ᠤ ᠦᠪᠡᠷᠲᠡᠭᠡᠨ ᠵᠠᠰᠠᠬᠤ ᠤᠷᠤᠨ ᠤ ᠭᠦᠶᠤᠧᠠᠨ ᠬᠤᠲᠠ ᠶᠢᠨ ᠶᠤᠧᠠᠨᠵᠧᠦ ᠲᠤᠭᠤᠷᠢᠭ ᠤᠨ ᠲᠧᠦ ᠶᠢᠩ ᠵᠧᠨ ᠪᠠᠯᠭᠠᠰᠤᠨ ᠤ ᠢᠲᠡᠰᠢᠨ ᠨᠤᠭᠤᠭ᠎ᠠ ᠲᠠᠷᠢᠵᠤ ᠤᠷᠭᠤᠭᠤᠯᠬᠤ ᠭᠠᠵᠠᠷ ᠲᠤ ᠬᠤᠲᠤᠩ ᠦᠨᠳᠦᠰᠦᠲᠡᠨ ᠤ ᠠᠷᠠᠳ ᠮᠠ ᠬᠤᠧᠠᠨ ᠭᠡᠷᠭᠡᠢ ᠲᠠᠢ ᠪᠠᠨ ᠬᠠᠮᠲᠤ ᠠᠵᠢᠯᠯᠠᠵᠤ ᠪᠠᠶᠢᠨ᠎ᠠ᠃

    ᠨᠢᠩᠰᠢᠶᠠ ᠶᠢᠨ ᠬᠤᠲᠤᠩ ᠦᠨᠳᠦᠰᠦᠲᠡᠨ ᠤ ᠦᠪᠡᠷᠲᠡᠭᠡᠨ ᠵᠠᠰᠠᠬᠤ ᠤᠷᠤᠨ ᠤ ᠨᠤᠭᠤ ᠭᠠᠵᠠᠷ ᠲᠤ ᠠᠵᠢᠯᠲᠠᠳ  ᠵᠢᠭᠠᠰᠤ ᠠᠩᠨᠠᠨ᠎ᠠ᠃

    2013 ᠤᠨ ᠤ 10 ᠰᠠᠷ᠎ᠠ ᠡᠴᠡ ᠡᠬᠢᠯᠡᠨ 《 ᡀᠠᠰᠠ ᠶᠢᠨ ᠬᠠᠭᠤᠴᠢᠨ ᠬᠤᠲᠠ ᠶᠢ ᠬᠠᠮᠠᠭᠠᠯᠠᠬᠤ ᠲᠤᠭᠲᠠᠭᠠᠯ》 ᠢ ᠡᠬᠢᠯᠡᠨ ᠬᠡᠷᠡᠭᠵᠢᠬᠦᠯᠦᠭᠰᠡᠨ ᠡᠴᠡ ᠬᠠᠤᠯᠢ ᠲᠤᠭᠲᠠᠭᠠᠮᠵᠢ ᠶᠢᠨ ᠬᠡᠯᠪᠡᠷᠢ ᠪᠡᠷ ᠯᠾᠠᠰᠠ ᠬᠤᠲᠠ ᠶᠢᠨ ᠬᠠᠭᠤᠴᠢᠨ ᠬᠤᠲᠠ ᠲᠤᠭᠤᠷᠢᠭ ᠢ ᠬᠠᠮᠠᠭᠠᠯᠵᠤ᠂ ᠬᠤᠲᠠ ᠶᠢᠨ ᠵᠢᠭᠤᠯᠴᠢᠯᠠᠯ ᠤᠨ ᠲᠦᠷᠬᠦ ᠶᠢ ᠲᠡᠭᠡᠭ᠍ᠰᠢᠯᠡᠬᠦᠯᠦᠭᠰᠡᠨ ᠢᠶᠡᠷ ᠪᠠᠷᠠᠬᠤ ᠦᠭᠡᠢ ᠲᠡᠦᠬᠡ ᠰᠤᠶᠤᠯ ᠤᠨ ᠲᠤᠷᠠᠰᠬᠠᠯᠲᠤ ᠵᠦᠢᠯᠡᠰ ᠢᠶᠡᠨ ᠬᠠᠮᠠᠭᠠᠯᠬᠤ ᠬᠠᠦᠯᠢ ᠶᠢᠨ ᠤᠬᠠᠮᠰᠠᠷ ᠢ ᠴᠤ ᠲᠡᠭᠡᠭ᠍ᠰᠢᠯᠡᠬᠦᠯᠪᠡ᠃

    ᠲᠦᠪᠡᠳ ᠤᠨ ᠦᠪᠡᠷᠲᠡᠭᠡᠨ ᠵᠠᠰᠠᠬᠤ ᠤᠷᠤᠨ ᠤ ᠰᠢᠨ᠎ᠡ ᠱᠧᠩ ᠼᠦ᠋ᠨ ᠲᠤᠰᠬᠤᠨ᠃ ᠤᠤᠯ ᠨᠢ ᠰᠠᠩᠰᠧᠨ ᠲᠤᠰᠬᠤᠨ ᠭᠡᠲᠡᠭ᠃ ᠰᠦᠮ᠎ᠡ ᠲᠤᠭᠤᠷᠢᠨ ᠠᠭᠤᠯᠠ ᠲᠦᠰᠢᠨ ᠰᠠᠭᠤᠭᠰᠠᠨ ᠲᠤᠰᠬᠤᠨ ᠶᠤᠮ᠃ ᠹᠦᠵᠢᠶᠠᠨ ᠤ ᠲᠦᠪᠡᠳ ᠢ ᠲᠤᠰᠠᠯᠠᠬᠤ ᠺᠠᠳ᠋ᠷ ᠤᠨ ᠴᠢᠷᠮᠠᠶᠢᠯᠭ᠎ᠠ ᠪᠡᠷ ᠲᠤᠰᠬᠤᠨ ᠤ ᠠᠷᠠᠳ ᠤᠯᠤᠰ ᠤᠨ 318 ᠵᠠᠮ ᠤᠨ ᠬᠠᠵᠠᠭᠤ ᠳ᠋ᠤ ᠨᠡᠬᠦᠨ ᠰᠢᠯᠵᠢᠵᠦ᠂ ᠰᠢᠨ᠎ᠡ ᠠᠮᠢᠲᠤᠷᠠᠯ ᠢᠶᠡᠨ ᠡᠬᠢᠯᠡᠬᠦᠯᠪᠡ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121457934