蒙古文网站Logo
ᠰᠢᠨᠬᠤᠸᠠ ᠮᠤᠩᠭ᠋ᠤᠯ ᠨᠧᠲ

ᠢᠳᠡᠬᠡᠯ ᠳᠡᠬᠦᠯᠳᠡᠷ ᠠᠯᠬᠤᠯᠠᠭᠰᠠᠨ 70 ᠵᠢᠯ -ᠦᠪᠦᠷ ᠮᠤᠩᠭᠤᠯ ᠤᠨ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠳᠦᠷᠢᠮ ᠢ ᠠᠮᠵᠢᠯᠳᠠ ᠲᠠᠢ ᠪᠡᠶᠡᠯᠡᠬᠦᠯᠦᠭᠰᠡᠨ ᠪᠤᠳᠠᠳᠤ ᠳᠡᠮᠳᠡᠭᠯᠡᠯ

2017-08-09 17:27

    ᠰᠢᠨᠬᠤᠧᠠ ᠬᠤᠷᠢᠶ᠎ᠠ  ᠬᠦᠬᠡᠬᠤᠳᠠ ᠶᠢᠨ 8 ᠰᠠᠷ᠎ᠠ ᠶᠢᠨ 7 ᠤ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠯᠢ ᠷᠧᠨ ᠬᠤ᠂ ᠶᠢᠨ ᠶᠤᠤ᠂ ᠷᠧᠨ ᠡᠾᠦ᠋ᠢ ᠪᠢᠨ᠂ ᠢᠤᠢ ᠵᠢᠶᠠ) ᠳᠡᠯᠬᠡᠷ ᠵᠤᠨ ᠤ ᠦᠪᠦᠷ ᠮᠤᠩᠭᠤᠯ ᠤᠨ ᠳᠠᠯ᠎ᠠ ᠨᠤᠳᠤᠭ ᠨᠤᠭᠤᠭᠠᠨ ᠳᠤᠯᠬᠢᠶᠠᠨ ᠬᠠᠶᠠᠯᠠᠵᠤ᠂ ᠦᠬᠡᠷ ᠬᠤᠨᠢᠳ ᠪᠡᠯᠴᠢᠨ᠂ ᠳᠠᠶᠢᠪᠤᠩ ᠠᠮᠤᠭᠤᠯᠠᠩ ᠪᠦᠬᠡᠳ ᠰᠦᠷ ᠵᠢᠪᠬᠤᠯᠠᠩ ᠲᠠᠢ᠃

    ᠡᠨᠡ ᠪᠤᠯ ᠮᠠᠨ ᠤ ᠤᠯᠤᠰ ᠤᠨ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠳᠦᠷᠢᠮ ᠤᠨ ᠬᠡᠷᠡᠯ ᠰᠠᠴᠤᠷᠠᠩᠭᠤᠢ ᠴᠡᠭ᠃ 70 ᠵᠢᠯ ᠤᠨ ᠡᠮᠦᠨ᠎ᠡ᠂ ᠳᠤᠮᠳᠠᠳᠤ ᠤᠯᠤᠰ ᠤᠨ ᠡᠪ ᠬᠠᠮᠳᠤ ᠨᠠᠮ ᠦᠪᠦᠷ ᠮᠤᠩᠭᠤᠯ ᠤᠨ ᠡᠯ᠎ᠡ ᠦᠨᠳᠦᠰᠦᠳᠡᠨ ᠢ ᠤᠳᠤᠷᠢᠳᠤᠨ ᠡᠨᠡᠬᠦ ᠤᠷᠢᠳ ᠡᠮᠦᠨ᠎ᠡ ᠪᠠᠶᠢᠭ᠎ᠠ ᠦᠬᠡᠢ ᠬᠦᠭᠵᠢᠯᠳᠡ ᠶᠢᠨ ᠵᠠᠮ ᠪᠤᠯᠬᠤ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠳᠦᠷᠢᠮ ᠢ ᠬᠡᠷᠡᠭᠵᠢᠬᠦᠯᠵᠤ᠂ ᠬᠠᠮᠳᠤᠪᠠᠷ ᠪᠦᠯᠬᠦᠮᠳᠡᠨ ᠳᠡᠮᠡᠴᠡᠬᠦ᠂ ᠬᠠᠮᠳᠤᠪᠠᠷ ᠴᠡᠴᠡᠭᠯᠡᠨ ᠬᠦᠭᠵᠢᠬᠦ ᠰᠢᠨ᠎ᠡ ᠬᠠᠭᠤᠳᠠᠰᠤ ᠶᠢ ᠨᠡᠬᠡᠬᠡᠭᠰᠡᠨ ᠪᠢᠯᠡ᠃

    ᠬᠠᠮᠤᠭ ᠤᠨ ᠳᠡᠷᠢᠬᠦᠨ ᠳᠤ ᠦᠢᠯᠡᠳᠦᠯᠬᠡᠵᠢᠬᠦᠯᠵᠤ ᠡᠷᠡᠰ ᠪᠠᠷᠢᠮᠳᠠᠯᠠᠪᠠ

    ᠮᠤᠩᠭᠤᠯ ᠦᠨᠳᠦᠰᠦᠳᠡᠨ ᠳᠦᠪᠯᠡᠷᠡᠨ ᠰᠠᠭᠤᠷᠢᠰᠢᠭᠰᠠᠨ ᠤᠳᠤᠭ ᠤᠨ ᠡᠮᠦᠨᠡᠳᠦ ᠬᠤᠰᠢᠭᠤ ᠨᠢ ᠱᠠᠨᠰᠢ᠂ ᠭᠠᠨᠰᠤ᠂ ᠨᠢᠩᠰᠢᠶᠠ ᠲᠠᠢ ᠬᠢᠯᠢᠯᠢᠵᠤ ᠪᠠᠶᠢᠭᠰᠠᠨ ᠬᠤᠰᠢᠭᠤ ᠶᠤᠮ᠃ ᠳᠡᠬᠡᠷ᠎ᠡ ᠵᠠᠭᠤᠨ ᠤ ᠳᠦᠴᠢᠬᠡᠳ ᠤᠨ ᠳᠤ᠂ ᠮᠠᠨ ᠤ ᠨᠠᠮ ᠳᠤᠬᠠᠢ ᠶᠢᠨ ᠤᠷᠤᠨ ᠳᠤ ᠮᠤᠩᠭᠤᠯ ᠢᠷᠬᠡᠳ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠵᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠢ ᠪᠠᠶᠢᠭᠤᠯᠬᠤ ᠳᠤ ᠤᠷᠢᠳᠠᠯ ᠪᠤᠯᠭᠠᠭᠰᠠᠨ ᠶᠤᠮ᠃ 4 ᠵᠢᠯ ᠤᠨ ᠬᠠᠶᠢᠨ ᠰᠦᠪᠡᠭᠴᠢᠯᠡᠯ ᠢᠶᠡᠷ ᠳᠠᠮᠵᠢᠨ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠳᠦᠷᠢᠮ ᠢ ᠳᠡᠬᠦᠯᠳᠡᠷᠵᠢᠬᠦᠯᠵᠤ ᠬᠡᠷᠡᠭᠵᠢᠬᠦᠯᠬᠦ ᠳᠤ ᠳᠤᠷᠰᠢᠯᠭ᠎ᠠ ᠬᠤᠷᠠᠮᠳᠤᠭᠤᠯᠵᠠᠢ᠃

    《ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠳᠦᠷᠢᠮ ᠢ ᠳᠡᠬᠦᠯᠳᠡᠷᠵᠢᠬᠦᠯᠵᠤ ᠬᠡᠷᠡᠭᠵᠢᠬᠦᠯᠦᠭᠰᠡᠨ ᠶᠠᠪᠤᠳᠠᠯ ᠳᠤᠮᠳᠠᠳᠤ ᠶᠢᠨ ᠦᠨᠳᠦᠰᠦᠳᠡᠨ ᠤ ᠳᠡᠤᠬᠡᠨ ᠳᠤ ᠤᠷᠢᠳᠤ ᠡᠮᠦᠨ᠎ᠡ ᠭᠠᠷᠤᠭ᠎ᠠ ᠦᠬᠡᠢ᠃ ᠨᠠᠮ ᠡᠴᠡ ᠡᠬᠦᠨ ᠤ ᠳᠦᠯᠦᠬᠡ ᠤᠷᠳᠤ ᠬᠤᠭᠤᠴᠠᠭᠠᠨ ᠤ ᠬᠠᠶᠢᠨ ᠰᠦᠪᠡᠭᠴᠢᠯᠡᠯ ᠬᠢᠵᠡᠢ》ᠬᠡᠵᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠶᠢᠨ ᠬᠤᠤ ᠱᠢ ᠶᠤᠧᠠᠨ ᠶᠠᠷᠢᠵᠠᠢ᠃

    ᠨᠠᠮ ᠡᠴᠡ ᠦᠪᠦᠷ ᠮᠤᠩᠭᠤᠯ ᠤᠨ ᠪᠠᠶᠢᠳᠠᠯ ᠪᠤᠯᠤᠨ ᠬᠤᠪᠢ ᠵᠠᠶᠠᠭ᠎ᠠ ᠶᠢ ᠠᠯᠢ ᠡᠷᠳᠡ ᠡᠴᠡ ᠠᠩᠬᠠᠷᠤᠭᠰᠠᠭᠠᠷ ᠢᠷᠡᠭᠰᠡᠨ ᠪᠦᠬᠡᠳ ᠵᠠᠩᠬᠢᠯᠠᠭ᠎ᠠ ᠶᠢᠨ ᠦᠶ᠎ᠡ ᠳᠤ ᠦᠪᠦᠷ ᠮᠤᠩᠭᠤᠯ ᠤᠨ ᠡᠯ᠎ᠡ ᠦᠨᠳᠦᠰᠦᠳᠡᠨ ᠢ ᠤᠳᠤᠷᠢᠳᠤᠨ ᠵᠦᠪ ᠤᠨᠤᠪᠴᠢᠳᠠᠢ ᠵᠠᠮ ᠢᠶᠡᠷ ᠵᠢᠯᠤᠭᠤᠳᠤᠨ ᠳᠠᠭᠠᠭᠤᠯᠤᠭᠰᠠᠨ ᠶᠤᠮ᠃ ᠶᠠᠫᠤᠨ ᠢ ᠡᠰᠡᠷᠬᠦᠴᠡᠬᠦ ᠳᠠᠶᠢᠨ ᠪᠤᠯᠤᠨ ᠴᠢᠯᠦᠬᠡᠯᠡᠬᠦ ᠳᠠᠶᠢᠨ ᠤ ᠦᠶ᠎ᠡ ᠳᠤ ᠤᠯᠠᠭᠠᠨᠬᠦᠦ ᠵᠡᠷᠬᠡ ᠡᠪ ᠬᠠᠮᠳᠤ ᠨᠠᠮ ᠤᠨ ᠬᠡᠰᠢᠬᠦᠳ ᠨᠠᠮ ᠤᠨ ᠳᠦᠪ ᠬᠤᠷᠢᠶᠠᠨ ᠤ ᠤᠳᠤᠷᠢᠳᠤᠯᠭ᠎ᠠ ᠳᠤᠤᠷ᠎ᠠ ᠠᠵᠢᠯᠯᠠᠵᠤ᠂ ᠳᠤᠳᠤᠭᠠᠳᠤ ᠭᠠᠳᠠᠭᠠᠳᠤ ᠶᠢᠨ ᠬᠦᠴᠦᠨ ᠤ ᠦᠪᠦᠷ ᠮᠤᠩᠭᠤᠯ ᠢ ᠳᠤᠰᠠᠭᠠᠷᠯᠠᠭᠤᠯᠬᠤ ᠬᠡᠰᠡᠨ ᠤᠷᠤᠯᠳᠤᠯᠭ᠎ᠠ ᠶᠢ ᠨᠢᠴᠤᠭᠠᠵᠤ᠂ ᠦᠪᠦᠷ ᠮᠤᠩᠭᠤᠯ ᠤᠨ ᠬᠦᠳᠡᠯᠬᠡᠬᠡᠨ ᠢ ᠨᠠᠮ ᠤᠨ ᠤᠳᠤᠷᠢᠳᠤᠯᠭ᠎ᠠ ᠳᠤᠤᠷ᠎ᠠ ᠨᠢᠬᠡᠳᠬᠡᠭᠰᠡᠨ ᠪᠠᠶᠢᠨ᠎ᠠ᠃ ᠦᠪᠦᠷ ᠮᠤᠩᠭᠤᠯ ᠤᠨ ᠡᠯ᠎ᠡ ᠦᠨᠳᠦᠰᠦᠳᠡᠨ ᠤ ᠢᠷᠬᠡᠳ ᠡᠷᠡᠰ ᠰᠢᠭᠤᠷᠬᠠᠢ ᠪᠡᠷ ᠨᠠᠮ ᠢᠶᠡᠨ ᠳᠠᠭᠠᠵᠤ᠂ ᠬᠠᠮᠤᠭ ᠤᠨ ᠳᠡᠷᠢᠬᠦᠨ ᠳᠤ ᠦᠢᠯᠡᠳᠦᠯᠬᠡᠵᠢᠪᠡ᠃

    1947 ᠤᠨ ᠤ 5 ᠰᠠᠷ᠎ᠠ ᠶᠢᠨ 1 ᠤ ᠡᠳᠦᠷ᠂ ᠨᠠᠮ ᠤᠨ ᠤᠳᠤᠷᠢᠳᠤᠯᠭ᠎ᠠ ᠳᠤᠤᠷ᠎ᠠ ᠮᠠᠨ ᠤ ᠤᠯᠤᠰ ᠤᠨ ᠠᠩᠬᠠᠨ ᠤ ᠮᠤᠵᠢ ᠶᠢᠨ ᠵᠡᠷᠭᠡᠯᠡᠯ ᠤᠨ ᠦᠨᠳᠦᠰᠦᠳᠡᠨ ᠤ ᠦᠪᠡᠷᠳᠡᠬᠡᠨ ᠵᠠᠰᠠᠬᠤ ᠤᠷᠤᠨ ᠪᠤᠯᠬᠤ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠠᠯ᠎ᠠ ᠨᠤᠳᠤᠭ ᠳᠡᠬᠡᠷ᠎ᠡ ᠪᠠᠶᠢᠭᠤᠯᠤᠭᠳᠠᠭᠰᠠᠨ ᠢ ᠳᠤᠩᠬᠠᠭᠯᠠᠪᠠ᠃ 70 ᠵᠢᠯ ᠤᠨ ᠳᠤᠷᠰᠢ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠳᠦᠷᠢᠮ ᠢ ᠳᠡᠬᠦᠯᠳᠡᠷᠵᠢᠬᠦᠯᠦᠨ ᠪᠠᠷᠢᠮᠳᠠᠯᠠᠵᠤ᠂ ᠡᠯ᠎ᠡ ᠦᠨᠳᠦᠰᠦᠳᠡᠨ ᠤ ᠬᠠᠤᠯᠢ ᠶᠤᠰᠤᠨ ᠤ ᠡᠷᠬᠡ ᠠᠰᠢᠭ ᠪᠠ ᠴᠦᠬᠡᠨ ᠳᠤᠭᠠᠳᠤ ᠦᠨᠳᠦᠰᠦᠳᠡᠨ ᠤ ᠤᠨᠴᠠᠭᠠᠢ ᠡᠷᠬᠡ ᠶᠢ ᠡᠷᠬᠡ ᠳᠡᠭᠰᠢ ᠪᠡᠷ ᠪᠠᠳᠤᠯᠠᠵᠤ ᠢᠷᠡᠵᠡᠢ᠃

    ᠨᠢᠳᠦᠨᠤᠨ ᠤ 11 ᠰᠠᠷ᠎ᠠ ᠳᠤ᠂ 《ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠳᠦᠷᠢᠮ》ᠨᠡᠶᠢᠳᠡᠯᠡᠭᠳᠡᠨ ᠬᠡᠷᠡᠭᠵᠢᠬᠦᠯᠦᠭᠳᠡᠵᠤ᠂ ᠦᠨᠳᠦᠰᠦᠳᠡᠨ ᠤ ᠰᠤᠷᠭᠠᠨ ᠬᠦᠮᠦᠵᠢᠯ ᠢ ᠤᠷᠢᠳᠴᠢᠯᠠᠨ ᠴᠢᠬᠤᠯᠠᠴᠢᠯᠠᠵᠤ ᠬᠦᠭᠵᠢᠬᠦᠯᠦᠭᠰᠡᠨ ᠶᠤᠮ᠃ ᠡᠨᠡ ᠪᠤᠯ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠭᠠᠵᠠᠷ ᠤᠷᠤᠨ᠂ ᠴᠠᠭ ᠤᠨ ᠪᠠᠶᠢᠳᠠᠯ ᠳᠤ ᠨᠢ ᠳᠤᠬᠢᠷᠠᠭᠤᠯᠤᠨ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠳᠦᠷᠢᠮ ᠢ ᠪᠠᠶᠢᠭᠤᠯᠵᠤ ᠳᠡᠬᠦᠯᠳᠡᠷᠵᠢᠬᠦᠯᠦᠭᠰᠡᠨ ᠤ ᠬᠤᠷᠢᠶᠠᠩᠭᠤᠢ ᠳᠦᠷᠰᠦ ᠪᠤᠯᠤᠨ᠎ᠠ᠃ ᠤᠳᠤ ᠪᠤᠯᠳᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠨᠢᠬᠡᠨᠳᠡ ᠮᠤᠩᠭᠤᠯ ᠦᠬᠡ ᠬᠡᠯᠡ ᠦᠰᠦᠭ ᠪᠢᠴᠢᠭ᠌ ᠤᠨ ᠠᠵᠢᠯ ᠤᠨ ᠳᠦᠷᠢᠮ᠂ ᠮᠤᠩᠭᠤᠯ ᠬᠢᠳᠠᠳ ᠡᠮ ᠡᠮᠨᠡᠯᠬᠡ ᠶᠢᠨ ᠳᠦᠷᠢᠮ᠂ ᠳᠠᠯ᠎ᠠ ᠨᠤᠳᠤᠭ ᠤᠨ ᠬᠠᠮᠢᠶᠠᠷᠤᠯᠳᠠ ᠶᠢᠨ ᠳᠦᠷᠢᠮ ᠵᠡᠷᠬᠡ 500 ᠭᠠᠷᠤᠢ ᠭᠠᠵᠠᠷ ᠤᠷᠤᠨ ᠤ ᠴᠢᠨᠠᠷᠳᠠᠢ ᠬᠠᠤᠯᠢ ᠳᠦᠷᠢᠮ᠂ ᠰᠠᠨᠠᠯ ᠢ ᠳᠤᠭᠳᠠᠭᠠᠵᠤ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠳᠦᠷᠢᠮ ᠢ ᠳᠤᠤᠱᠯᠠᠭᠤᠯᠬᠤ ᠳᠤ ᠬᠠᠤᠯᠢ ᠶᠢᠨ ᠪᠠᠳᠤᠯᠠᠭ᠎ᠠ ᠬᠠᠩᠭᠠᠭᠰᠠᠨ ᠪᠠᠶᠢᠨ᠎ᠠ᠃

    ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠪᠤᠳᠠᠳᠤ ᠪᠠᠶᠢᠳᠠᠯ ᠳᠤ ᠦᠨᠳᠦᠰᠦᠯᠡᠨ ᠦᠨᠳᠦᠰᠦᠳᠡᠨ ᠤ ᠺᠠᠳ᠋ᠷ ᠪᠤᠯᠤᠨ ᠠᠵᠢᠯ ᠦᠢᠯᠡᠰ ᠤᠨ ᠨᠢᠬᠡᠴᠡ ᠶᠢᠨ ᠠᠵᠢᠯᠳᠠᠨ ᠰᠢᠯᠭᠠᠵᠤ ᠠᠪᠬᠤ ᠨᠤᠷᠮ᠎ᠠ ᠶᠢ ᠳᠤᠬᠠᠢ ᠶᠢᠨ ᠤᠷᠤᠨ ᠤ ᠴᠦᠬᠡᠨ ᠳᠤᠭᠠᠳᠤ ᠦᠨᠳᠦᠰᠦᠳᠡᠨ ᠤ ᠬᠦᠮᠦᠨ ᠠᠮᠠ ᠶᠢᠨ ᠬᠠᠷᠢᠴᠠᠯ ᠡᠴᠡ ᠳᠤᠤᠭᠤᠷ ᠪᠠᠶᠢᠯᠭᠠᠵᠤ ᠪᠤᠯᠬᠤ ᠦᠬᠡᠢ ᠬᠡᠮᠡᠨ ᠳᠤᠭᠳᠠᠭᠰᠠᠨ ᠪᠠᠶᠢᠳᠠᠭ᠃ ᠠᠶᠢᠮᠠᠭ ᠬᠤᠳᠠ ᠪᠠ ᠬᠤᠰᠢᠭᠤ ᠰᠢᠶᠠᠨ ᠤ ᠨᠠᠮ ᠵᠠᠰᠠᠭ ᠤᠨ ᠭᠤᠤᠯ ᠳᠤᠰᠢᠶᠠᠯᠳᠠᠳ ᠢ ᠦᠨᠳᠦᠰᠦᠨ ᠳ᠋ᠡᠬᠡᠨ 《ᠨᠢᠬᠡ ᠴᠦᠬᠡᠨ ᠳᠤᠭᠠᠳᠤ ᠦᠨᠳᠦᠰᠦᠳᠡᠨ᠂ ᠨᠢᠬᠡ ᠬᠢᠳᠠᠳ ᠦᠨᠳᠦᠰᠦᠳᠡᠨ 》 ᠢᠶᠡᠷ ᠳᠤᠬᠢᠷᠠᠭᠤᠯᠪᠠ᠃ ᠦᠪᠡᠷᠳᠡᠬᠡᠨ ᠵᠠᠰᠠᠬᠤ ᠤᠷᠤᠨ ᠠᠯᠪᠠ ᠬᠠᠭᠠᠭᠴᠢ ᠡᠯᠰᠡᠬᠦ᠂ ᠠᠵᠢᠯ ᠦᠢᠯᠡᠰ ᠤᠨ ᠨᠢᠬᠡᠴᠡ ᠢᠯᠡ ᠪᠡᠷ ᠠᠵᠢᠯᠳᠠᠨ ᠡᠯᠰᠡᠬᠦ ᠳ᠋ᠡᠬᠡᠨ 15% ᠶᠢᠨ ᠬᠠᠷᠢᠴᠠᠯ ᠢᠶᠡᠷ ᠠᠵᠢᠯ ᠤᠨ ᠪᠠᠶᠢᠷᠢ ᠬᠠᠩᠭᠠᠵᠤ᠂ ᠳᠤᠰᠬᠠᠶᠢᠯᠠᠨ ᠮᠤᠩᠭᠤᠯ ᠢᠶᠡᠷ ᠬᠢᠴᠢᠶᠡᠯᠯᠡᠭᠰᠡᠨ ᠤᠶᠤᠳᠠᠳ ᠢ ᠡᠯᠰᠡᠬᠦ ᠪᠤᠯᠪᠠ᠃ ᠤᠳᠤᠬᠠᠨ ᠳᠤ᠂ ᠤᠷᠤᠨ ᠲᠠᠶᠠᠭᠠᠷ ᠤᠨ ᠴᠦᠬᠡᠨ ᠳᠤᠭᠠᠳᠤ ᠦᠨᠳᠦᠰᠦᠳᠡᠨ ᠤ ᠺᠠᠳ᠋ᠷ 6.8 ᠳᠦᠮᠡ ᠪᠠᠶᠢᠵᠤ᠂ ᠤᠷᠤᠨ ᠲᠠᠶᠠᠭᠠᠷ ᠤᠨ ᠨᠡᠶᠢᠳᠡ ᠬᠡᠮᠵᠢᠶᠡᠨ ᠤ 33% ᠶᠢ ᠡᠵᠡᠯᠡᠨ᠂ ᠡᠯ᠎ᠡ ᠱᠠᠳᠤᠨ ᠤ ᠺᠠᠳ᠋ᠷ ᠪᠤᠯᠤᠨ ᠠᠷᠠᠳ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠳᠦᠯᠦᠬᠡᠯᠡᠭᠴᠢ᠂ ᠤᠯᠤᠰ ᠳᠦᠷᠦ ᠶᠢᠨ ᠵᠦᠪᠯᠡᠯᠬᠡᠨ ᠤ ᠬᠡᠰᠢᠬᠦᠨ ᠤ ᠬᠠᠷᠢᠴᠠᠯ ᠴᠦᠬᠡᠨ ᠳᠤᠭᠠᠳᠤ ᠦᠨᠳᠦᠰᠦᠳᠡᠨ ᠤ ᠬᠦᠮᠦᠨ ᠠᠮᠠᠨ ᠳᠤᠭᠠᠨ ᠤ ᠬᠠᠷᠢᠴᠠᠯ ᠡᠴᠡ ᠢᠯᠡᠷᠬᠡᠢ ᠦᠨᠳᠦᠷ ᠪᠠᠶᠢᠨ᠎ᠠ᠃

    ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠨᠢ ᠪᠠᠰᠠ ᠤᠷᠢᠳ ᠬᠤᠵᠢᠳ ᠳᠠᠭᠤᠷ᠂ ᠡᠧᠡᠩᠬᠢ᠂ ᠤᠷᠴᠤᠨ ᠭᠤᠷᠪᠠᠨ ᠴᠦᠬᠡᠨ ᠳᠤᠭᠠᠳᠤ ᠦᠨᠳᠦᠰᠦᠳᠡᠨ ᠤ ᠦᠪᠡᠷᠳᠡᠬᠡᠨ ᠵᠠᠰᠠᠬᠤ ᠬᠤᠰᠢᠭᠤ ᠪᠠ 18 ᠦᠨᠳᠦᠰᠦᠳᠡᠨ ᠤ ᠰᠢᠶᠠᠩ ᠪᠠᠶᠢᠭᠤᠯᠵᠤ᠂ ᠡᠯ᠎ᠡ ᠦᠨᠳᠦᠰᠦᠳᠡᠨ ᠤ ᠬᠠᠤᠯᠢ ᠶᠤᠰᠤᠨ ᠤ ᠡᠷᠬᠡ ᠠᠰᠢᠭ ᠢ ᠶᠡᠬᠡ ᠪᠠᠭ᠎ᠠ ᠢᠯᠭᠠᠯ ᠦᠬᠡᠢ ᠡᠷᠬᠡ ᠳᠡᠭᠰᠢ ᠪᠡᠷ ᠪᠠᠳᠤᠯᠠᠵᠤ᠂ ᠳᠡᠳᠡᠨᠡᠷ ᠢ ᠦᠨᠡᠨᠬᠦ ᠡᠷᠦᠬᠡ ᠬᠡᠷ ᠤᠨ ᠡᠵᠡᠨ ᠪᠤᠯᠭᠠᠵᠤ ᠪᠠᠶᠢᠨ᠎ᠠ᠃

    ᠰᠠᠶᠢᠨ ᠰᠠᠶᠢᠬᠠᠨ ᠬᠡᠷ ᠤᠷᠤᠨ ᠢᠶᠡᠨ ᠬᠠᠮᠳᠤᠪᠠᠷ ᠪᠠᠶᠢᠭᠤᠯᠵᠤ ᠵᠤᠯ ᠵᠢᠷᠭᠠᠯᠳᠤ ᠠᠮᠢᠳᠤᠷᠠᠯ ᠢ ᠬᠠᠮᠳᠤᠪᠠᠷ ᠡᠳ᠋ᠯᠡᠨ᠎ᠡ

    ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ ᠡᠴᠡ ᠨᠠᠰᠢ ᠡᠳ᠋ ᠤᠨ ᠵᠠᠰᠠᠭ ᠤᠨ ᠬᠦᠭᠵᠢᠯᠳᠡ ᠬᠦᠮᠦᠰ ᠢ ᠭᠠᠶᠢᠬᠠᠰᠢ ᠠᠯᠳᠠᠭᠤᠯᠵᠤ᠂ ᠬᠦᠳᠡᠬᠡ ᠠᠵᠤ ᠠᠬᠤᠢ ᠪᠠᠭᠤᠷᠠᠨ ᠳᠤᠷᠤᠶᠢᠳᠠᠭᠰᠠᠨ ᠡᠴᠡ ᠪᠡᠨ ᠤᠳᠤᠬᠢᠴᠢᠯᠠᠪᠠ᠃ ᠨᠢᠳᠤᠨᠤᠨ ᠤ ᠪᠠᠶᠢᠳᠠᠯ ᠢᠶᠡᠷ᠂ ᠮᠠᠯ ᠤᠨ ᠳᠤᠭ᠎ᠠ ᠳᠤᠯᠤᠭᠠᠢ 1.36 ᠳ᠋ᠦᠩᠰᠢᠭᠤᠷ ᠬᠦᠷᠴᠤ᠂ ᠠᠮᠤ ᠪᠤᠳᠠᠭᠠᠨ ᠤ ᠤᠨᠠᠯᠳᠠ 278 ᠳ᠋ᠦᠩᠰᠢᠭᠤᠷ ᠵᠢᠩ ᠪᠤᠯᠤᠭᠰᠠᠨ ᠪᠠ ᠳᠤᠰ ᠳᠤᠰ 14᠂ 15 ᠳᠠᠬᠢᠨ ᠢᠶᠡᠷ ᠦᠰᠴᠠᠢ᠃

    ᠠᠵᠤ ᠦᠢᠯᠡᠳᠪᠦᠷᠢ ᠶᠠᠭᠤ ᠴᠤ ᠦᠬᠡᠢ ᠪᠠᠶᠢᠭᠰᠠᠨ ᠡᠴᠡ ᠪᠡᠨ ᠪᠤᠢ ᠪᠤᠯᠪᠠ᠃ ᠦᠬᠡᠷᠡᠴᠢᠯᠡᠯᠳᠡ ᠨᠡᠬᠡᠬᠡᠯᠳᠡ ᠬᠢᠭᠰᠡᠨ ᠡᠴᠡ ᠨᠠᠰᠢ ᠤᠨᠴᠠᠭᠠᠶᠢᠯᠠᠨ ᠰᠢᠨ᠎ᠡ ᠵᠠᠭᠤᠨ ᠳᠤ ᠤᠷᠤᠭᠰᠠᠨ ᠡᠴᠡ ᠨᠠᠰᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠡᠬᠢ ᠪᠠᠶᠠᠯᠢᠭ᠂ ᠭᠠᠵᠠᠷ ᠤᠷᠤᠨ ᠵᠡᠷᠬᠡ ᠳᠠᠪᠠᠭᠤᠯᠢᠭ ᠲᠠᠭᠠᠨ ᠳᠦᠰᠢᠭᠯᠡᠨ ᠠᠵᠤ ᠦᠢᠯᠡᠳᠪᠦᠷᠢ ᠶᠢ ᠨᠢᠰᠬᠦ ᠮᠡᠳᠦ ᠬᠦᠭᠵᠢᠬᠦᠯᠵᠤ᠂ ᠤᠮᠠᠷᠠᠳᠤ ᠬᠢᠯᠢ ᠶᠢᠨ ᠡᠳ᠋ ᠤᠨ ᠵᠠᠰᠠᠭ ᠬᠦᠭᠵᠢᠭᠰᠡᠨ ᠦᠨᠳᠦᠷᠯᠢᠭ ᠪᠤᠯᠪᠠ᠃ ᠤᠨᠴᠠᠭᠠᠶᠢᠯᠠᠨ 2002 ᠤᠨ ᠡᠴᠡ 2009 ᠤᠨ ᠪᠤᠯᠳᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ GDP ᠨᠠᠶ᠋ᠮᠠᠨ ᠵᠢᠯ ᠳᠠᠷᠠᠭᠠᠯᠠᠨ ᠤᠯᠤᠰ ᠲᠠᠶᠠᠭᠠᠷ ᠲᠤ ᠳᠦᠷᠦᠬᠦᠯᠡᠵᠤ᠂ ᠨᠡᠷ᠎ᠡ ᠠᠯᠳᠠᠷᠰᠢᠭᠰᠠᠨ 《ᠦᠪᠦᠷ ᠮᠤᠩᠭᠤᠯ ᠦᠵᠡᠭᠳᠡᠯ》 ᠢ ᠪᠤᠯ ᠪᠤᠯᠭᠠᠵᠠᠢ᠃

    ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠴᠢᠨᠠᠷ ᠢᠶᠡᠨ ᠳᠡᠬᠡᠭᠰᠢᠯᠡᠬᠦᠯᠵᠤ ᠦᠷ᠎ᠡ ᠠᠰᠢᠭ ᠢ ᠨᠡᠮᠡᠭᠳᠡᠬᠦᠯᠬᠦ ᠪᠡᠷ ᠡᠳ᠋ ᠤᠨ ᠵᠠᠰᠠᠭ ᠤᠨ ᠬᠦᠭᠵᠢᠯᠳᠡ ᠶᠢᠨ ᠵᠤᠭᠰᠤᠴᠠ ᠪᠤᠯᠭᠠᠵᠤ᠂ ᠨᠡᠬᠦᠷᠡᠰᠦ ᠬᠤᠪᠤᠷ ᠰᠢᠷᠤᠢ ᠪᠡᠨ ᠮᠠᠯᠳᠠᠨ ᠬᠤᠳᠠᠯᠳᠤᠵᠤ ᠪᠠᠶᠢᠭᠰᠠᠨ ᠬᠠᠭᠤᠴᠢᠨ ᠤ ᠲᠠᠩ ᠴᠤᠯᠭᠤᠢ ᠪᠦᠳᠦᠴᠡ ᠪᠡᠨ ᠬᠤᠪᠢᠷᠠᠭᠤᠯᠵᠤ᠂ ᠠᠵᠤ ᠦᠢᠯᠡᠰ ᠤᠨ ᠪᠦᠳᠦᠴᠡ ᠶᠢ ᠪᠦᠬᠦ ᠳᠠᠯ᠎ᠠ ᠪᠡᠷ ᠵᠠᠭᠪᠤᠷ ᠦᠬᠡᠷᠡᠴᠢᠯᠡᠨ ᠵᠡᠷᠬᠡᠯᠡᠯ ᠳᠡᠪᠰᠢᠬᠦᠯᠵᠤ᠂ ᠤᠯᠤᠰ ᠤᠨ ᠬᠦᠨᠳᠦ ᠴᠢᠬᠤᠯᠠ ᠡᠷᠴᠢᠮ ᠬᠦᠴᠦ᠂ ᠰᠢᠨ᠎ᠡ ᠵᠠᠭᠪᠤᠷ ᠤᠨ ᠬᠢᠮᠢ ᠶᠢᠨ ᠠᠵᠤ ᠦᠢᠯᠡᠳᠪᠦᠷᠢ᠂ ᠦᠩᠬᠡᠳᠤ ᠳᠡᠮᠦᠷᠯᠢᠭ ᠪᠤᠯᠤᠨ ᠪᠤᠬᠢᠷᠳᠤᠯ ᠦᠬᠡᠢ ᠬᠦᠳᠡᠬᠡ ᠠᠵᠤ ᠠᠬᠤᠢ ᠶᠢᠨ ᠪᠦᠳᠦᠬᠡᠭᠳᠡᠬᠦᠨ ᠡᠳ᠋ᠰᠢᠬᠦᠯᠬᠦ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠡᠷ ᠰᠡᠷᠬᠦᠨ ᠮᠠᠨᠳᠤᠭᠰᠠᠨ ᠠᠵᠤ ᠦᠢᠯᠡᠰ ᠤᠨ ᠰᠠᠭᠤᠷᠢᠨ ᠪᠠ ᠤᠯᠤᠰ ᠤᠨ ᠳᠤᠳᠤᠭᠠᠳᠤ ᠭᠠᠳᠠᠭᠠᠳᠤ ᠶᠢᠨ ᠨᠡᠷᠡᠳᠦ ᠠᠶᠠᠯᠠᠯ ᠵᠢᠭᠤᠯᠴᠢᠯᠠᠯ ᠤᠨ ᠬᠠᠷᠠᠯᠳᠠᠳᠤ ᠤᠷᠤᠨ ᠪᠤᠯᠭᠠᠨ ᠪᠦᠳᠦᠬᠡᠨ ᠪᠠᠶᠢᠭᠤᠯᠤᠭᠰᠠᠨ ᠪᠠᠶᠢᠨ᠎ᠠ᠃ ᠡᠶᠢᠨᠬᠦ ᠬᠦᠷᠢᠶ᠎ᠡ ᠴᠠᠷᠠᠭ᠎ᠠ ᠲᠠᠢ᠂ ᠤᠯᠠᠨ ᠳᠠᠯᠠᠳᠤ ᠬᠦᠭᠵᠢᠯ ᠲᠠᠢ᠂ ᠤᠯᠠᠨ ᠳᠤᠶᠢᠯᠳᠤ ᠳᠤᠯᠭᠠᠭᠤᠷᠢ ᠲᠠᠢ ᠤᠳᠤᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠦᠷᠢᠯᠳᠦᠯ ᠢ ᠳᠦᠷᠬᠡᠳᠬᠡᠵᠡᠢ᠃

    ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠬᠤ ᠡᠴᠡ ᠪᠡᠨ ᠡᠮᠦᠨ᠎ᠡ ᠤᠯᠤᠰ ᠲᠠᠶᠠᠭᠠᠷ ᠤᠨ ᠬᠡᠮᠵᠢᠶᠡᠨ ᠳᠤ ᠬᠠᠮᠤᠭ ᠤᠨ ᠬᠤᠴᠤᠷᠤᠩᠭᠤᠢ ᠪᠦᠰᠡ ᠨᠤᠳᠤᠭ ᠪᠠᠶᠢᠭᠰᠠᠨ ᠶᠤᠮ᠃ ᠨᠢᠳᠤᠨᠤᠨ ᠤᠷᠤᠨ ᠲᠠᠶᠠᠭᠠᠷ ᠤᠨ GDP 1.9 ᠳ᠋ᠦᠩᠰᠢᠭᠤᠷ ᠳᠦᠬᠦᠷᠢᠭ ᠬᠦᠷᠴᠤ᠂ 1947 ᠤᠨ ᠤ ᠬᠢ ᠡᠴᠡ 642 ᠳᠠᠬᠢᠨ ᠪᠤᠯᠤᠨ ᠨᠡᠮᠡᠭᠳᠡᠵᠤ᠂ ᠤᠯᠤᠰ ᠲᠠᠶᠠᠭᠠᠷ ᠤᠨ ᠳᠤᠮᠳᠠᠭᠤᠷ ᠪᠠᠶᠢᠷᠢᠨ ᠳᠤ ᠳᠤᠳᠤᠷᠠᠨ᠂ ᠬᠦᠮᠦᠨ ᠳᠤᠮᠳᠠᠴᠢ ᠶᠢᠨ ᠦᠷᠳᠡᠭ ᠨᠡᠮᠡᠭᠳᠡᠬᠡᠳ ᠤᠯᠤᠰ ᠲᠠᠶᠠᠭᠠᠷ ᠤᠨ ᠵᠢᠷᠭᠤᠳᠤᠭᠠᠷ ᠪᠠᠶᠢᠷᠢᠨ ᠳᠤ ᠳᠤᠳᠤᠷᠠᠵᠠᠢ᠃

    ᠡᠯ᠎ᠡ ᠦᠨᠳᠦᠰᠦᠳᠡᠨ ᠤ ᠤᠯᠠᠨ ᠳᠦᠮᠡᠨ ᠳᠤ ᠰᠠᠶᠢᠨ ᠰᠠᠶᠢᠬᠠᠨ ᠠᠮᠢᠳᠤᠷᠠᠯ ᠡᠳ᠋ᠯᠡᠬᠦᠯᠬᠦ  ᠨᠢ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠳᠦᠷᠢᠮ ᠢ ᠬᠡᠷᠡᠭᠵᠢᠬᠦᠯᠦᠭᠰᠡᠨ ᠤ ᠤᠤᠷ ᠵᠤᠷᠢᠯᠳᠠ᠃ ᠦᠩᠬᠡᠷᠡᠭᠰᠡᠨ ᠳᠤ᠂ ᠦᠪᠦᠷ ᠮᠤᠩᠭᠤᠯ ᠤᠨ ᠤᠯᠠᠨ ᠳᠦᠮᠡᠨ ᠠᠮᠢᠳᠤᠷᠠᠯ ᠬᠦᠴᠢᠷᠳᠡᠢ ᠪᠠᠶᠢᠭᠰᠠᠨ ᠪᠤᠯ ᠨᠢᠳᠤᠨᠤᠨ ᠤᠷᠤᠨ ᠲᠠᠶᠠᠭᠠᠷ ᠤᠨ ᠬᠤᠳᠠ ᠪᠠᠯᠭᠠᠰᠤᠨ ᠤ ᠤᠤᠭᠠᠯ ᠢᠷᠬᠡᠳ ᠤᠨ ᠬᠦᠮᠦᠨ ᠳᠤᠮᠳᠠᠴᠢ ᠶᠢᠨ ᠡᠵᠡᠮᠳᠡᠬᠦ ᠤᠷᠤᠯᠭ᠎ᠠ 3 ᠳᠦᠮᠡᠨ ᠳᠦᠬᠦᠷᠢᠭ ᠢ ᠳᠠᠪᠠᠵᠤ᠂ ᠮᠠᠯᠴᠢᠨ ᠳᠠᠷᠢᠶᠠᠴᠢᠨ ᠤ ᠬᠦᠮᠦᠨ ᠳᠤᠮᠳᠠᠴᠢ ᠶᠢᠨ ᠴᠡᠪᠡᠷ ᠤᠷᠤᠯᠭ᠎ᠠ 1 ᠳᠦᠮᠡᠨ ᠳᠦᠬᠦᠷᠢᠭ ᠢ ᠳᠠᠪᠠᠨ ᠠᠮᠢᠳᠤᠷᠠᠯ ᠤᠨ ᠳᠦᠪᠰᠢᠨ ᠮᠡᠳᠡᠭᠳᠡᠮ᠎ᠡ ᠳᠡᠬᠡᠭᠰᠢᠯᠡᠭᠰᠡᠨ ᠪᠠᠶᠢᠨ᠎ᠠ᠃

    ᠬᠦᠮᠦᠨ ᠳᠤᠮᠳᠠᠴᠢ ᠶᠢᠨ ᠨᠠᠰᠤᠵᠢᠯ 35 ᠬᠦᠷᠬᠦ ᠦᠬᠡᠢ ᠪᠠᠶᠢᠭᠰᠠᠨ ᠢᠶᠡᠨ ᠤᠳᠤ ᠪᠡᠷ 75.8 ᠪᠤᠯᠵᠤ᠂ ᠰᠤᠶᠤᠯ ᠤᠨ ᠪᠠᠯᠠᠢ 9 ᠬᠤᠪᠢ ᠶᠢ ᠬᠡᠳᠦᠷᠡᠵᠤ ᠪᠠᠶᠢᠭᠰᠠᠨ ᠢᠶᠡᠨ ᠤᠳᠤ ᠴᠦᠮ ᠦᠨᠳᠦᠷ ᠳᠤᠮᠳᠠᠳᠤ ᠶᠢᠨ ᠰᠤᠷᠭᠠᠨ ᠬᠦᠮᠦᠵᠢᠯ ᠳᠦᠬᠡᠮᠡᠯᠵᠢᠵᠤ᠂ ᠦᠨᠳᠦᠷ ᠵᠡᠷᠬᠡ ᠶᠢᠨ ᠰᠤᠷᠭᠠᠨ ᠬᠦᠮᠦᠵᠢᠯ ᠬᠦᠷᠳᠡᠬᠦ ᠰᠤᠷᠭᠠᠭᠤᠯᠢ ᠳᠤ ᠤᠷᠤᠬᠤ ᠨᠤᠷᠮ᠎ᠠ ᠤᠯᠤᠰ ᠲᠠᠶᠠᠭᠠᠷ ᠤᠨ ᠳᠤᠮᠳᠠᠴᠢ ᠳᠦᠪᠰᠢᠨ ᠢ ᠳᠠᠪᠠᠵᠠᠢ᠃

    ᠤᠷᠤᠨ ᠰᠠᠭᠤᠴᠠ ᠶᠢᠨ ᠪᠠᠳᠤᠯᠠᠭᠠᠨ ᠤ ᠰᠢᠰᠲ᠋ᠧᠮ᠂ ᠬᠤᠳᠠ ᠰᠢᠶᠠᠩ ᠤᠨ ᠬᠠᠮᠤᠭ ᠤᠨ ᠳᠤᠤᠷ᠎ᠠ ᠠᠮᠢᠳᠤᠷᠠᠯ ᠤᠨ ᠪᠠᠳᠤᠯᠠᠭ᠎ᠠ᠂ ᠨᠠᠰᠤᠳᠠᠨ ᠤ ᠠᠰᠠᠷᠠᠮᠵᠢ᠂ ᠡᠮ ᠡᠮᠨᠡᠯᠬᠡ ᠶᠢᠨ ᠳᠠᠭᠠᠳᠬᠠᠯ ᠵᠡᠷᠬᠡ ᠨᠡᠶᠢᠬᠡᠮ ᠤᠨ ᠪᠠᠳᠤᠯᠠᠭᠠᠨ ᠤ ᠳᠦᠷᠦ ᠶᠢᠨ ᠪᠤᠳᠤᠯᠭ᠎ᠠ ᠵᠢᠯ ᠳᠤᠳᠤᠮ ᠦᠭᠬᠦᠬᠡᠵᠢ ᠲᠠᠢ ᠪᠤᠯᠪᠠ᠃ 《12•5》 ᠬᠦᠭᠵᠢᠯᠳᠡ ᠶᠢᠨ ᠳᠦᠰᠦᠯ ᠤᠨ ᠬᠤᠭᠤᠴᠠᠭ᠎ᠠ ᠡᠴᠡ ᠨᠠᠰᠢ ᠤᠷᠤᠨ ᠰᠠᠭᠤᠴᠠ ᠶᠢᠨ ᠪᠠᠳᠤᠯᠠᠭᠠᠨ ᠤ ᠰᠢᠰᠲ᠋ᠧᠮ ᠤᠨ ᠪᠠᠶᠢᠭᠤᠯᠤᠯᠳᠠ 1/4 ᠶᠢᠨ ᠬᠤᠳᠠ ᠪᠠᠯᠭᠠᠰᠤᠨ ᠤ ᠢᠷᠬᠡᠳ ᠪᠤᠶᠤ 300 ᠳᠦᠮᠡᠨ ᠮᠠᠯᠴᠢᠨ ᠳᠠᠷᠢᠶᠠᠴᠢᠨ ᠳᠤ ᠠᠰᠢᠭ ᠬᠦᠷᠳᠡᠬᠡᠭᠰᠡᠨ ᠪᠠᠶᠢᠨ᠎ᠠ᠃

    ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ ᠡᠴᠡ ᠨᠠᠰᠢ ᠠᠮᠢᠵᠢᠷᠠᠭᠠᠨ ᠤ ᠬᠦᠷᠦᠩᠬᠡ ᠤᠷᠤᠭᠤᠯᠤᠯᠳᠠ ᠪᠡᠨ ᠨᠡᠮᠡᠭᠳᠡᠬᠦᠯᠵᠤ᠂ ᠨᠡᠶᠢᠬᠡᠮ ᠤᠨ ᠪᠠᠳᠤᠯᠠᠭᠠᠨ ᠤ ᠳᠦᠷᠢᠮ ᠢ ᠳᠡᠬᠦᠯᠳᠡᠷᠵᠢᠬᠦᠯᠦᠨ ᠡᠮ ᠡᠮᠨᠡᠯᠬᠡ᠂ ᠰᠤᠷᠭᠠᠨ ᠬᠦᠮᠦᠵᠢᠯ᠂ ᠰᠤᠶᠤᠯ ᠵᠡᠷᠬᠡ ᠡᠯ᠎ᠡ ᠰᠠᠯᠪᠤᠷᠢ ᠳ᠋ᠡᠬᠢ ᠨᠡᠶᠢᠬᠡᠮ ᠤᠨ ᠠᠵᠢᠯ ᠦᠢᠯᠡᠰ ᠢ ᠬᠦᠭᠵᠢᠬᠦᠯᠵᠤ᠂ ᠬᠦᠭᠵᠢᠯᠳᠡ ᠶᠢᠨ ᠦᠷ᠎ᠡ ᠪᠦᠳᠦᠬᠡᠯ ᠢ ᠬᠠᠮᠳᠤᠪᠠᠷ ᠬᠤᠪᠢᠶᠠᠯᠴᠠᠭᠰᠠᠨ ᠠᠮᠢᠵᠢᠷᠠᠭᠠᠨ ᠤ ᠳᠤᠭᠳᠠᠯᠴᠠᠭ᠎ᠠ ᠶᠢ ᠪᠠᠶᠢᠭᠤᠯᠤᠨ ᠡᠯ᠎ᠡ ᠦᠨᠳᠦᠰᠦᠳᠡᠨ ᠤ ᠤᠯᠠᠨ ᠳᠦᠮᠡᠨ ᠤ ᠳᠠᠭᠠᠰᠢᠶᠠᠯ ᠶᠡᠬᠡᠪᠡᠷ ᠳᠡᠬᠡᠭᠰᠢᠯᠡᠵᠠᠢ᠃

    ᠮᠢᠬ᠎ᠠ ᠴᠢᠰᠤᠨ ᠤ ᠪᠠᠷᠢᠯᠳᠤᠭ᠎ᠠ ᠡᠶ᠎ᠡ ᠨᠠᠶᠢᠷᠠᠮᠳᠠᠯ ᠤᠨ ᠴᠡᠴᠡᠭ ᠢ ᠳᠡᠯᠬᠡᠷᠡᠬᠦᠯᠵᠡᠢ

    70 ᠵᠢᠯ ᠤᠨ ᠳᠤᠷᠰᠢ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠪᠦᠯᠬᠦᠮᠳᠡᠯ ᠳᠠᠪᠰᠢᠯᠳᠠ ᠶᠢᠨ ᠳᠤᠭ ᠢ ᠦᠨᠳᠦᠷ ᠲᠤ ᠮᠠᠨᠳᠤᠭᠤᠯᠵᠤ᠂ ᠡᠯ᠎ᠡ ᠦᠨᠳᠦᠰᠦᠳᠡᠨ ᠬᠠᠷᠢᠯᠴᠠᠨ ᠪᠠᠭᠳᠠᠭᠠᠵᠤ᠂ ᠬᠠᠷᠢᠯᠴᠠᠨ ᠪᠠᠬᠠᠳᠤᠨ ᠪᠢᠰᠢᠷᠡᠯᠴᠡᠵᠤ᠂ ᠰᠠᠬᠢᠨ ᠳᠡᠮᠨᠡᠯᠴᠡᠭᠰᠡᠨ ᠤᠶᠢᠯᠠᠭᠠᠯᠳᠠ ᠶᠢᠨ ᠳᠤᠭᠤᠷᠢᠨ ᠳᠤ ᠨᠢᠬᠡᠨᠳᠡ ᠴᠢᠰᠤ ᠮᠢᠬᠠᠨ ᠤ ᠪᠠᠷᠢᠯᠳᠤᠭ᠎ᠠ ᠲᠠᠢ ᠪᠤᠯᠤᠯ᠎ᠠ᠃

    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠬᠤᠰᠢᠭᠤ ᠪᠠᠯᠭᠠᠰᠤ ᠶᠢᠨ ᠬᠦᠭᠵᠢᠯ ᠳᠡᠬᠦᠷᠬᠡ ᠶᠢᠨ 67 ᠨᠠᠰᠤᠳᠠᠢ ᠮᠤᠩᠭᠤᠯ ᠨᠠᠰᠤᠳᠠᠨ ᠬᠦᠧᠧ ᠹᠧᠩ ᠬᠠᠢ ᠬᠡᠳᠦᠶᠢᠪᠡᠷ ᠪᠡᠶ᠎ᠡ ᠵᠡᠮᠳᠡᠭ ᠴᠤ 30 ᠵᠢᠯ ᠤᠨ ᠳᠤᠷᠰᠢ ᠦᠪᠡᠷ ᠲᠠᠢ ᠨᠢ ᠶᠠᠮᠠᠷ ᠴᠤ ᠴᠢᠰᠤᠨ ᠳᠦᠷᠦᠯ ᠤᠨ ᠬᠠᠷᠢᠴᠠᠭ᠎ᠠ ᠦᠬᠡᠢ᠂ ᠪᠡᠶ᠎ᠡ ᠵᠡᠮᠳᠡᠭ ᠤᠶᠤᠨ ᠤ ᠰᠠᠭᠠᠳ ᠲᠠᠢ ᠭᠤᠷᠪᠠᠨ ᠬᠢᠳᠠᠳ ᠠᠬ᠎ᠠ ᠳᠡᠬᠦᠦ ᠪᠡᠨ ᠬᠠᠷᠠᠭᠠᠯᠵᠠᠭᠰᠠᠭᠠᠷ ᠢᠷᠡᠵᠡᠢ᠃

    ᠦᠪᠦᠷ ᠮᠤᠩᠭᠤᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠡᠬᠢᠨ ᠤ ᠬᠢᠴᠢᠶᠡᠯ ᠨᠢ ᠳᠠᠷᠤᠢ ᠦᠨᠳᠦᠰᠦᠳᠡᠨ ᠤ ᠪᠦᠯᠬᠦᠮᠳᠡᠯ ᠤᠨ ᠰᠤᠷᠭᠠᠨ ᠬᠦᠮᠦᠵᠢᠯ ᠤᠨ ᠠᠭᠤᠯᠭ᠎ᠠ ᠪᠠᠶᠢᠳᠠᠭ᠃ ᠪᠦᠬᠦ ᠶᠡᠬᠡ ᠳᠡᠬᠡᠳᠦ ᠰᠤᠷᠭᠠᠭᠤᠯᠢ ᠨᠢᠬᠡᠳᠦᠬᠡᠷ ᠤᠨ ᠡᠴᠡ ᠡᠬᠢᠯᠡᠨ 《ᠦᠨᠳᠦᠰᠦᠳᠡᠨ ᠤ ᠤᠨᠤᠯ》ᠬᠡᠮᠡᠬᠦ ᠨᠡᠶᠢᠳᠡ ᠶᠢᠨ ᠬᠢᠴᠢᠶᠡᠯ ᠳᠦᠷᠦᠯ ᠳᠤᠬᠢᠷᠠᠭᠤᠯᠵᠠᠢ᠃ ᠦᠪᠦᠷ ᠮᠤᠩᠭᠤᠯ ᠤᠨ ᠮᠦᠽᠧᠢ ᠭᠠᠷᠠᠭ ᠪᠤᠯᠭᠠᠨ ᠴᠦᠬᠡᠨ ᠳᠤᠭᠠᠳᠤ ᠦᠨᠳᠦᠰᠦᠳᠡᠨ ᠤ ᠵᠠᠩ ᠵᠠᠩᠰᠢᠯ ᠰᠤᠶᠤᠯ ᠤᠨ ᠠᠵᠢᠯᠯᠠᠭ᠎ᠠ ᠵᠤᠬᠢᠶᠠᠨ ᠪᠠᠶᠢᠭᠤᠯᠳᠠᠭ᠁ ᠡᠶᠢᠨᠭᠦ ᠦᠨᠳᠦᠰᠦᠳᠡᠨ ᠤ ᠪᠦᠯᠬᠦᠮᠳᠡᠯ ᠤᠨ ᠰᠤᠷᠭᠠᠨ ᠬᠦᠮᠦᠵᠢᠯ ᠦᠷ᠎ᠡ ᠳ᠋ᠦᠩ ᠲᠠᠢ ᠶᠠᠪᠤᠭᠳᠠᠵᠤ᠂ ᠬᠦᠮᠦᠨ ᠪᠦᠷᠢ ᠶᠢᠨ ᠰᠡᠳᠬᠢᠯ ᠳᠤ ᠬᠦᠷᠴᠤ ᠪᠤᠢ᠃

    ᠤᠷᠳᠤ ᠶᠢᠨ ᠳᠠᠭᠤᠤ᠂ ᠬᠦᠬᠡᠮᠡᠢ᠂ ᠮᠤᠩᠭᠤᠯ ᠡᠮᠨᠡᠯᠬᠡ ᠵᠡᠷᠬᠡ 4400 ᠭᠠᠷᠤᠢ ᠳᠦᠷᠦᠯ ᠤᠨ ᠪᠡᠶᠡᠳᠤ ᠪᠤᠰᠤ ᠰᠤᠶᠤᠯ ᠤᠨ ᠦᠪ ᠤᠯᠠᠮᠵᠢᠯᠠᠨ ᠬᠠᠮᠠᠭᠠᠯᠠᠭᠳᠠᠵᠤ᠂ 《ᠮᠤᠩᠭᠤᠯ ᠤᠨ ᠨᠢᠭᠤᠴᠠ ᠳᠤᠪᠴᠢᠶᠠᠨ》᠂ 《ᠬᠡᠰᠡᠷ ᠬᠠᠨ ᠤ ᠳᠤᠮᠤᠭ》᠂ 《ᠵᠠᠩᠭᠠᠷ》 ᠵᠡᠷᠬᠡ ᠦᠨᠳᠦᠰᠦᠳᠡᠨ ᠤ ᠰᠤᠩᠭᠤᠳᠠᠭ ᠨᠤᠮ᠂ ᠠᠮᠠᠨ ᠤᠯᠠᠮᠵᠢᠯᠠᠯ ᠡᠮᠬᠢᠯᠡᠭᠳᠡᠨ ᠬᠡᠪᠯᠡᠭᠳᠡᠪᠡ᠃ ᠮᠦᠨ ᠮᠢᠩᠭ᠎ᠠ ᠭᠠᠷᠤᠢ ᠳᠦᠷᠦᠯ ᠤᠨ ᠳᠠᠭᠤᠤ ᠪᠦᠵᠢᠭ᠌ ᠬᠦᠭᠵᠢᠮ ᠵᠡᠷᠬᠡ ᠠᠷᠠᠳ ᠤᠨ ᠤᠷᠠᠯᠢᠭ ᠡᠮᠬᠢᠯᠡᠭᠳᠡᠯ᠎ᠡ ᠁ ᠦᠨᠢ ᠤᠳᠠᠭᠠᠨ ᠳᠡᠤᠬᠡ ᠲᠠᠢ ᠳᠠᠯ᠎ᠠ ᠨᠤᠳᠤᠭ ᠤᠨ ᠰᠤᠶᠤᠯ ᠤᠯᠠᠮᠵᠢᠯᠠᠭᠳᠠᠨ ᠬᠦᠭᠵᠢᠵᠤ᠂ ᠬᠠᠮᠳᠤ ᠶᠢᠨ ᠤᠶᠤᠨ ᠰᠠᠨᠠᠭᠠᠨ ᠤ ᠬᠡᠷ ᠪᠦᠯᠢ ᠪᠡᠨ ᠬᠠᠮᠳᠤᠪᠠᠷ ᠰᠠᠬᠢᠨ ᠬᠠᠮᠠᠭᠠᠯᠠᠨ᠎ᠠ᠃

    ᠡᠷᠬᠡ ᠳᠡᠭᠰᠢ ᠬᠠᠷᠢᠯᠴᠠᠨ ᠳᠤᠰᠠᠯᠠᠯᠴᠠᠵᠤ᠂ ᠦᠨᠳᠦᠰᠦᠳᠡᠨ ᠤ ᠬᠠᠷᠢᠯᠴᠠᠭ᠎ᠠ ᠰᠤᠯᠢᠯᠴᠠᠭ᠎ᠠ ᠠᠭᠤᠰᠤᠯᠴᠠᠭ᠎ᠠ ᠶᠢ ᠠᠬᠢᠭᠤᠯᠪᠠ᠃ ᠦᠪᠦᠷ ᠮᠤᠩᠭᠤᠯ ᠳᠤ 1/8 ᠡᠴᠡ ᠳᠡᠬᠡᠭᠰᠢ ᠳᠤᠭᠠᠨ ᠤ ᠬᠡᠷ ᠪᠦᠯᠢ ᠨᠢ ᠴᠦᠮ ᠤᠯᠠᠨ ᠦᠨᠳᠦᠰᠦᠳᠡᠨ ᠲᠠᠢ ᠬᠡᠷ ᠪᠦᠯᠢ ᠪᠠᠶᠢᠳᠠᠭ᠃ ᠶᠡᠬᠡ ᠬᠢᠩᠭᠠᠨ ᠳᠠᠪᠠᠭᠠᠨ ᠤ ᠰᠠᠬᠤᠯᠢᠭ ᠤᠢ ᠳᠤ ᠰᠠᠭᠤᠷᠢᠰᠢᠭᠰᠠᠨ ᠡᠧᠡᠩᠬᠢ ᠪᠦᠰᠡᠬᠦᠢ ᠪᠦ᠋ ᠳ᠋ᠦᠩ ᠰᠢᠶᠠ ᠬᠢᠳᠠᠳ ᠨᠦᠬᠦᠷ ᠰᠢᠶᠤᠤ ᠯᠢᠶᠠᠩ ᠵᠢᠶᠦ᠋ᠨ ᠲᠠᠢ ᠪᠡᠨ ᠪᠤᠭᠤ ᠳᠡᠵᠢᠬᠡᠵᠤ ᠠᠵᠤ ᠳᠦᠷᠦᠳᠡᠭ ᠳᠡᠳᠦᠢ ᠦᠬᠡᠢ ᠪᠠᠰᠠ ᠠᠶᠠᠯᠠᠯ ᠵᠢᠭᠤᠯᠴᠢᠯᠠᠯ ᠤᠨ ᠦᠢᠯᠡᠰ ᠡᠷᠬᠢᠯᠡᠵᠤ ᠴᠢᠨᠡᠬᠡᠯᠢᠭᠵᠢᠵᠡᠢ᠃

    ᠠᠭᠤᠤ ᠶᠡᠬᠡ ᠦᠬᠡᠷᠡᠴᠢᠯᠡᠯᠳᠡ᠂ ᠠᠮᠵᠢᠯᠳᠠ ᠳᠤ ᠬᠦᠷᠦᠭᠰᠡᠨ ᠦᠢᠯᠡᠳᠦᠯᠬᠡ᠃ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠳ᠋ ᠤᠨ ᠵᠠᠰᠠᠭ ᠨᠡᠶᠢᠬᠡᠮ ᠤᠨ ᠬᠦᠭᠵᠢᠯᠳᠡ ᠶᠢᠨ ᠬᠡᠷᠡᠯ ᠰᠠᠴᠤᠷᠤᠩᠭᠤᠢ ᠠᠮᠵᠢᠯᠳᠠ ᠨᠢ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠳᠦᠷᠢᠮ ᠢᠶᠡᠷ ᠳᠤᠮᠳᠠᠳᠤ ᠶᠢᠨ ᠤᠨᠴᠠᠯᠢᠭ ᠢᠶᠡᠷ ᠦᠨᠳᠦᠰᠦᠳᠡᠨ ᠤ ᠠᠰᠠᠭᠤᠳᠠᠯ ᠢ ᠰᠢᠶ᠋ᠳᠪᠦᠷᠢᠯᠡᠬᠦ ᠨᠢ ᠵᠦᠪ ᠵᠠᠮ ᠪᠤᠯᠤᠨ᠎ᠠ ᠬᠡᠳᠡᠭ ᠢ ᠪᠦᠷᠢᠨ ᠬᠡᠷᠡᠴᠢᠯᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121458143