蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ 70 ᠵᠢᠯ· ᠳᠤᠮᠳᠠᠳᠤ ᠤᠯᠤᠰ ᠤᠨ ᠲᠦᠪᠯᠡᠷᠡᠯ - ᠳᠤᠮᠳᠠᠳᠤ ᠤᠯᠤᠰ ᠤᠨ ᠬᠠᠮᠤᠭ ᠤᠨ ᠠᠩᠬᠠᠨ ᠤ ᠮᠤᠵᠢ ᠤᠨ ᠵᠡᠷᠭᠡᠯᠡᠯ ᠤᠨ ᠴᠦᠬᠡᠨ ᠲᠤᠭᠠᠲᠤ ᠦᠨᠳᠦᠰᠦᠲᠡᠨ ᠤ ᠦᠪᠡᠷᠲᠡᠭᠡᠨ ᠵᠠᠰᠠᠬᠤ ᠤᠷᠤᠨ 70 ᠵᠢᠯ ᠤᠨ ᠤᠢ ᠪᠡᠨ ᠤᠭᠲᠤᠯ᠎ᠠ

2017-08-10 18:07

    ᠰᠢᠨᠬᠤᠸᠠ ᠬᠤᠷᠢᠶ᠎ᠠ   ᠬᠦᠬᠡᠬᠤᠲᠠ ᠶᠢᠨ 8 ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠢᠦᠢ ᠵᠢᠶᠠ᠂ ᠤᠷᠢᠬᠠᠨ᠂ ᠸᠠᠩ ᠴᠦᠨ ᠶᠠᠨ) ᠦᠳᠡ ᠶᠢᠨ ᠬᠤᠶᠢᠨᠠᠬᠢ ᠨᠠᠷᠠᠨ ᠤ ᠭᠡᠷᠡᠯ ᠰᠢᠯᠢ ᠶᠢᠨ ᠭᠤᠤᠯ ᠤᠨ ᠲᠠᠯ᠎ᠠ ᠨᠤᠲᠤᠭ ᠢ ᠢᠪᠡᠭᠡᠵᠤ ᠬᠤᠨᠢᠨ ᠰᠦᠷᠦᠭ ᠲᠠᠪᠠᠲᠠᠢ ᠰᠠᠶᠢᠬᠠᠨ ᠢᠳᠡᠰᠢᠯᠡᠨ᠎ᠠ᠂ ᠮᠠᠯᠴᠢᠨ ᠪᠢᠯᠢᠭ᠍ᠪᠠᠭᠠᠲᠤᠷ ᠬᠤᠨᠢᠨ ᠰᠦᠷᠦᠭ ᠤᠨ ᠵᠠᠬ᠎ᠠ ᠳᠤ ᠬᠠᠵᠠᠭᠤᠯᠳᠠᠵᠦ᠂ ᠭᠠᠷ ᠤᠲᠠᠰᠤ ᠪᠡᠷ ᠢᠶᠡᠷ ᠨᠸᠲ ᠲᠤ ᠭᠠᠷᠴᠤ ᠶᠠᠭ ᠶᠠᠪᠤᠭᠳᠠᠵᠤ ᠪᠠᠶᠢᠭ᠎ᠠ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠢ ᠶᠢ ᠪᠡᠯᠭᠡᠯᠡᠬᠦ ᠠᠵᠢᠯᠯᠠᠭ᠎ᠠ ᠶᠢ ᠰᠤᠨᠢᠷᠬᠠᠨ᠎ᠠ᠃

    8 ᠤ ᠡᠳᠦᠷ ᠤᠨ ᠦᠳᠡ ᠶᠢᠨ ᠬᠤᠶᠢᠨ᠎ᠠ᠂ ᠬᠦᠮᠦᠰ ᠦᠪᠦᠷ ᠮᠣᠩᠭᠣᠯ ᠤᠨ ᠲᠦᠪ ᠬᠦᠬᠡᠬᠤᠲᠠ ᠶᠢᠨ ᠶᠡᠬᠡ ᠬᠤᠷᠠᠯ ᠤᠨ ᠲᠠᠯᠠᠪᠠᠢ ᠳᠤ ᠴᠤᠭᠯᠠᠷᠠᠨ ᠤᠯᠤᠰ ᠤᠨ ᠢᠶᠡᠨ ᠬᠠᠮᠤᠭ ᠤᠨ ᠠᠩᠬᠠᠨ ᠤ ᠮᠤᠵᠢ ᠤᠨ ᠵᠡᠷᠭᠡᠯᠡᠯ ᠤᠨ ᠴᠦᠬᠡᠨ ᠲᠤᠭᠠᠲᠤ ᠦᠨᠳᠦᠰᠦᠲᠡᠨ ᠤ ᠦᠪᠡᠷᠲᠡᠭᠡᠨ ᠵᠠᠰᠠᠬᠤ ᠤᠷᠤᠨ ᠤ ᠲᠦᠷᠦᠭᠰᠡᠨ ᠡᠳᠦᠷ ᠢ ᠪᠡᠯᠭᠡᠯᠡᠵᠡᠭᠡᠪᠡ᠃

    1947 ᠤᠨ ᠳᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ ᠢ ᠵᠠᠷᠯᠠᠪᠠ᠃ ᠡᠳ᠋ ᠤᠨ ᠵᠠᠰᠠᠭ ᠨᠡᠶᠢᠭᠡᠮ ᠤᠨ ᠪᠠᠶᠢᠳᠠᠯ ᠡᠭᠦᠨ ᠡᠴᠡ ᠡᠬᠢᠯᠡᠨ ᠦᠳᠲᠡᠷ ᠲᠦᠷᠭᠡᠨ ᠬᠤᠪᠢᠷᠠᠯᠲᠠ ᠲᠠᠢ ᠪᠤᠯᠵᠠᠢ᠃ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠬᠤ ᠡᠴᠡ ᠡᠮᠦᠨ᠎ᠠ᠂ ᠦᠪᠦᠷ ᠮᠤᠡᠭᠭᠤᠯ ᠳᠤᠮᠳᠠᠳᠤ ᠤᠯᠤᠰ ᠤᠨ ᠬᠠᠮᠤᠭ ᠤᠨ ᠬᠤᠴᠤᠷᠠᠩᠭ᠋ᠤᠢ ᠪᠦᠰᠡ ᠨᠤᠲᠤᠭ ᠤᠨ ᠨᠢᠭᠡ ᠪᠠᠶᠢᠵᠤ᠂ ᠲᠠᠷᠢᠶᠠᠯᠠᠩ ᠮᠠᠯ ᠠᠵᠤ ᠠᠬᠤᠢ ᠬᠤᠴᠤᠷᠤᠡᠭᠭᠤᠢ᠂ ᠠᠵᠤ ᠦᠢᠯᠡᠳᠪᠦᠷᠢ ᠭᠡᠵᠦ ᠪᠠᠷᠤᠬ ᠦᠭᠡᠢ ᠪᠠᠢᠢᠵᠠᠢ᠃

    ᠠᠯᠪᠠᠨ ᠤ ᠪᠦᠷᠢᠳᠭᠡᠯ ᠢ ᠦᠨᠳᠦᠰᠦᠯᠡᠪᠡᠯ᠂ 2016 ᠤᠨ ᠳᠤ ᠦᠪᠦᠷ ᠮᠣᠩᠭᠣᠯ ᠤᠨ GDP 1.86 ᠲᠦᠮᠡᠨ ᠳ᠋ᠦᠩᠰᠢᠭᠤᠷ ᠲᠦᠬᠦᠷᠢᠭ᠌ ᠲᠤ ᠬᠦᠷᠴᠤ᠂ 1947 ᠤᠨ ᠤ ᠬᠢ ᠡᠴᠡ 642 ᠳᠡᠬᠢᠨ ᠢᠶᠡᠷ ᠨᠡᠮᠡᠭᠳᠡᠪᠡ᠂ ᠡᠳ᠋ ᠤᠨ ᠵᠠᠰᠠᠭ ᠤᠨ ᠬᠡᠪᠴᠢᠶᠡᠵᠢᠯ ᠤᠯᠤᠰ ᠳᠠᠶᠠᠭᠠᠷ ᠤᠨ ᠳᠤᠮᠳᠠ ᠵᠡᠷᠭᠡ ᠶᠢᠨ ᠲᠦᠪᠰᠢᠨ ᠳᠤ ᠬᠦᠷᠴᠤ᠂ ᠬᠦᠮᠦᠨ ᠳᠤᠮᠳᠠᠴᠢ ᠶᠢᠨ ᠭᠡᠮᠵᠢᠶ᠎ᠠ ᠤᠯᠤᠰ ᠳᠠᠶᠠᠭᠠᠷ ᠤᠨ ᠵᠢᠷᠭᠤᠳᠤᠭᠠᠷ ᠲᠤ ᠪᠠᠶᠢᠷᠢᠯᠠᠵᠠᠢ᠃ ᠮᠠᠯ ᠤᠨ ᠲᠤᠭ᠎ᠠ ᠲᠤᠯᠤᠭᠠᠢ 1.36 ᠳ᠋ᠦᠩᠰᠢᠭᠤᠷ ᠲᠤ ᠬᠦᠷᠴᠤ᠂ ᠠᠮᠤ ᠶᠢᠨ ᠭᠠᠷᠤᠯᠲᠠ 278 ᠳ᠋ᠦᠩᠰᠢᠭᠤᠷ ᠺᠢᠯᠦᠭᠷᠠᠮ ᠳᠤ ᠬᠦᠷᠤᠨ 70 ᠵᠢᠯ ᠤᠨ ᠡᠮᠦᠨᠡᠬᠢ ᠡᠴᠡ ᠲᠤᠰ ᠪᠦᠷᠢ 14 ᠪᠠ 15 ᠳᠠᠬᠢᠨ ᠢᠶᠡᠷ ᠨᠡᠮᠡᠭᠳᠡᠭᠰᠡᠨ ᠪᠠᠶᠢᠨ᠎ᠠ᠃ ᠠᠵᠤ ᠦᠢᠯᠡᠳᠪᠦᠷᠢ ᠶᠢᠨ ᠨᠡᠮᠡᠭᠳᠡᠯ ᠦᠷᠲᠡᠭ 7758 ᠳ᠋ᠦᠩᠰᠢᠭᠤᠷ ᠲᠦᠬᠦᠷᠢᠭ᠌ ᠲᠤ ᠬᠦᠷᠴᠤ᠂ 6000 ᠭᠠᠷᠤᠢ ᠲᠠᠬᠢᠨ ᠢᠶᠡᠷ ᠨᠡᠮᠡᠭᠳᠡᠪᠡ᠃

    ᠤᠳᠤᠭ ᠬᠤᠰᠢᠭᠤᠨ ᠤ ᠰᠠᠶᠢᠨ ᠤᠰᠤ ᠭᠠᠴᠠᠭᠠᠨ ᠤ ᠮᠠᠯᠴᠢᠨ ᠪᠠᠶᠠᠷᠪᠠᠲᠤ ᠶᠢᠨ 5ᠪᠦᠯᠢ ᠪᠡᠷ ᠢᠶᠡᠨ 3000 ᠭᠠᠷᠤᠢ ᠮᠦ ᠪᠡᠯᠴᠢᠭᠡᠷ ᠳᠠᠭᠠᠭᠠᠴᠢᠯᠠᠵᠤ᠂ ᠮᠠᠯ ᠠᠵᠤ ᠠᠬᠤᠢ ᠶᠢᠨ ᠤᠷᠤᠯᠭ᠎ᠠ ᠶᠢᠨ ᠳᠡᠭᠡᠷ᠎ᠠ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠬᠤ ᠨᠦᠬᠦᠪᠦᠷᠢ ᠱᠠᠩᠨᠠᠯ ᠤᠨ ᠮᠦᠩᠭᠦ ᠶᠢ ᠨᠡᠮᠡᠪᠡᠯ ᠵᠢᠯ ᠳᠤ 20 ᠭᠠᠷᠤᠢ ᠲᠦᠮᠡᠨ ᠲᠦᠬᠦᠷᠢᠭ᠌ ᠤᠨ ᠤᠷᠤᠯᠭ᠎ᠠ ᠲᠠᠢ᠃ ᠲᠡᠷᠡ᠄《 ᠤᠶᠢᠷ᠎ᠠ ᠬᠠᠪᠢ ᠶᠢᠨ ᠴᠦᠬᠡᠨ ᠪᠤᠰᠤ ᠮᠠᠯᠴᠢᠳ ᠤᠨ ᠵᠢᠯ ᠤᠨ ᠤᠷᠤᠯᠭ᠎ᠠ ᠴᠦᠮ 10 ᠲᠦᠮᠡ ᠡᠴᠡ ᠢᠯᠡᠭᠦᠦ ᠪᠠᠶᠢᠳᠠᠭ᠂ ᠤᠳᠤ ᠠᠮᠢᠳᠤᠷᠠᠯ ᠶᠠᠪᠤᠬᠤ ᠲᠤᠳᠤᠮ ᠰᠠᠶᠢᠵᠢᠷᠠᠵᠤ ᠪᠠᠶᠢᠨ᠎ᠠ》 ᠭᠡᠯ᠎ᠠ᠃

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠬᠤ ᠡᠴᠡ ᠡᠮᠦᠨ᠎ᠠ᠂ ᠢᠷᠭᠡᠳ ᠤᠨ ᠠᠮᠢᠳᠤᠷᠠᠯ ᠶᠠᠳᠠᠭᠤ ᠬᠦᠴᠢᠷᠲᠠᠢ ᠪᠠᠶᠢᠭᠰᠠᠨ᠂ ᠭᠡᠳᠡᠯ᠎ᠠ ᠨᠢᠳᠤᠨᠤᠨ᠂ ᠤᠷᠤᠨ ᠳᠠᠶᠠᠭᠠᠷ ᠤᠨ ᠬᠤᠲᠠ ᠪᠠᠯᠭᠠᠰᠤᠨ ᠤ ᠰᠠᠭᠤᠭᠠᠯᠢ ᠢᠷᠭᠡᠳ ᠤᠨ ᠬᠦᠮᠦᠨ ᠳᠤᠮᠳᠠᠴᠢ ᠤᠷᠤᠯᠭ᠎ᠠ 3 ᠲᠦᠮᠡᠨ ᠲᠦᠬᠦᠷᠢᠭ᠌ ᠢ ᠲᠠᠪᠠᠵᠤ᠂ ᠮᠠᠯᠴᠢᠨ ᠲᠠᠷᠢᠶᠠᠴᠢᠳ ᠤᠨ ᠬᠦᠮᠦᠨ ᠳᠤᠮᠳᠠᠴᠢ ᠤᠷᠤᠯᠭ᠎ᠠ ᠨᠢ ᠲᠦᠮᠡᠨ ᠲᠦᠬᠦᠷᠢᠭ᠌ ᠢ ᠲᠠᠪᠠᠵᠠᠢ᠃

    ᠭᠠᠳᠠᠭᠰᠢ ᠭᠠᠷᠬᠤ  ᠳᠤ ᠮᠤᠷᠢ ᠲᠡᠮᠡᠬᠡ ᠤᠨᠤᠳᠠᠭ ᠪᠠᠶᠢᠭᠰᠠᠨ ᠡᠴᠡ ᠨᠢᠰᠬᠦ ᠤᠩᠭ᠋ᠤᠴᠠ᠂ ᠬᠤᠷᠳᠤᠨ ᠤ ᠭᠠᠯᠲᠤ ᠲᠡᠷᠭᠡ ᠪᠡᠷ ᠠᠶᠠᠯᠠᠬᠤ ᠪᠤᠯᠵᠤ᠂ ᠤᠷᠤᠨ ᠰᠠᠭᠤᠴᠠ ᠶᠢᠨ ᠲᠠᠯ᠎ᠠ ᠪᠠᠷ ᠳᠦᠭᠦᠮ ᠬᠢᠴᠡ ᠲᠠᠢ ᠮᠣᠩᠭᠣᠯ ᠭᠡᠷ ᠲᠤ ᠰᠠᠭᠤᠳᠠᠭ ᠪᠠᠶᠢᠭᠰᠠᠨ ᠡᠴᠡ ᠦᠨᠳᠦᠷ ᠰᠦᠷᠯᠢᠭ ᠠᠰᠠᠷ ᠲᠠᠭᠲᠤ ᠳᠤ ᠰᠠᠭᠤᠬᠤ ᠪᠤᠯᠵᠤ᠂ ᠡᠮ ᠡᠮᠴᠢᠯᠡᠭᠡ ᠲᠤᠲᠠᠭᠳᠠᠳᠠᠭ ᠪᠠᠶᠢᠭᠰᠠᠨ ᠡᠴᠡ ᠡᠮ ᠡᠮᠴᠢᠯᠡᠭᠡᠨ ᠤ ᠳᠠᠭᠠᠳᠬᠠᠯ ᠪᠦᠬᠦ ᠲᠠᠯ᠎ᠠ ᠪᠡᠷ ᠪᠦᠷᠬᠦᠵᠤ᠂ ᠬᠦᠮᠦᠨ ᠳᠤᠮᠳᠠᠴᠢ ᠨᠡᠰᠤ 35 ᠳᠤ ᠬᠦᠷᠬᠦ ᠦᠭᠡᠢ ᠪᠠᠶᠢᠭᠰᠠᠨ ᠡᠴᠡ 75.8 ᠨᠠᠰᠤ ᠳᠤ ᠬᠦᠷᠦᠭᠰᠡᠨ ᠁《 70 ᠵᠢᠯ ᠤᠨ ᠲᠤᠷᠰᠢ᠂ ᠦᠪᠦᠷ ᠮᠣᠩᠭᠣᠯ ᠤᠨ ᠡᠳ᠋ ᠤᠨ ᠵᠠᠰᠠᠭ ᠤᠨ ᠬᠦᠭ᠍ᠵᠢᠯᠲᠠ ᠲᠦᠷᠭᠡᠨ᠂ ᠤᠷᠤᠯᠭ᠎ᠠ ᠰᠠᠶᠢᠨ ᠪᠠᠶᠢᠵᠤ ᠬᠦᠮᠦᠰ ᠤᠨ ᠠᠮᠢᠳᠤᠷᠠᠯ ᠰᠠᠶᠢᠵᠢᠷᠠᠵᠠᠢ》 ᠭᠡᠵᠤ ᠦᠪᠦᠷ ᠮᠣᠩᠭᠣᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠠᠺᠠᠳ᠋ᠸᠮᠢ ᠶᠢᠨ ᠡᠳ᠋ ᠤᠨ ᠵᠠᠰᠠᠭ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠢᠦᠢ ᠭᠤᠸᠠᠩ ᠵᠢᠶᠦ᠋ᠨ ᠶᠠᠷᠢᠪᠠ᠃

    ᠰᠢᠯᠢ ᠶᠢᠨ ᠭᠤᠤᠯ ᠠᠶᠢᠮᠠᠭ ᠤᠨ ᠬᠦᠪᠡᠬᠡᠲᠤ ᠰᠢᠷ᠎ᠠ ᠬᠤᠰᠢᠭᠤᠨ ᠤ ᠮᠠᠯᠴᠢᠨ ᠰᠡᠴᠡᠨ᠂ ᠡᠪᠤᠯ ᠤᠨ ᠰᠡᠭᠦᠯᠴᠢ ᠪᠤᠯᠤᠭᠰᠠᠭᠠᠷ ᠡᠪᠡᠰᠤ ᠪᠤᠷᠳᠤᠭ᠎ᠠ ᠬᠦᠷᠦᠯᠴᠡᠭᠡ ᠮᠠᠭᠤᠳᠠᠢ ᠪᠤᠯᠵᠤ ᠤᠶᠢᠷ᠎ᠠ ᠬᠠᠪᠢ ᠶᠢᠨ ᠲᠠᠷᠢᠶᠠᠴᠢᠨ ᠡᠷᠦᠬᠡ ᠡᠴᠡ ᠵᠢᠭᠡᠯᠡᠭᠡ ᠪᠡᠷ ᠪᠤᠷᠳᠤᠭ᠎ᠠ ᠠᠪᠤᠭᠠᠳ᠂ ᠵᠤᠨ ᠨᠠᠮᠤᠷ ᠨᠢ ᠮᠠᠯ ᠢᠶᠡᠨ ᠬᠤᠳᠠᠯᠳᠤᠭᠰᠠᠨ ᠤ ᠳᠠᠷᠠᠭ᠎ᠠ ᠦᠷᠢ ᠪᠡᠨ ᠲᠦᠯᠦᠳᠡᠭ᠃ 《 ᠬᠢᠲᠠᠳ ᠠᠬᠠᠨ ᠲᠡᠭᠦᠤᠰ ᠮᠠᠨᠢ ᠪᠢᠳᠡᠨ ᠢ ᠶᠡᠬᠡ ᠢᠳᠡᠭᠡᠳᠡᠭ᠂ ᠪᠢᠳᠡᠨ ᠳᠤ ᠶᠡᠬᠡ ᠲᠤᠰᠠ ᠳᠡᠮ ᠪᠤᠯᠳᠠᠭ ᠰᠢᠤ᠂ ᠡᠨᠡ ᠬᠤᠶᠠᠷ ᠵᠢᠯ ᠪᠢ ᠪᠠᠰᠠ ᠡᠷᠳᠡᠨᠢ ᠰᠢᠰᠢ ᠲᠠᠷᠢᠬᠤ ᠶᠢ ᠲᠡᠳᠡᠨ ᠡᠴᠡ ᠰᠤᠷᠤᠭᠰᠠᠨ》 ᠭᠡᠵᠤ ᠰᠡᠴᠡᠨ ᠶᠠᠷᠢᠨ᠎ᠠ᠃

    ᠢᠯᠭᠠᠭ᠎ᠠ ᠵᠦᠷᠢᠶ᠎ᠠ ᠶᠢ ᠬᠦᠨᠳᠦᠳᠭᠡᠵᠤ᠂ ᠤᠯᠠᠨ ᠶᠠᠩᠵᠤ ᠶᠢ ᠪᠠᠭᠲᠠᠭᠠᠮᠵᠢᠯᠠᠨ᠂ ᠬᠠᠷᠢᠯᠴᠠᠨ ᠰᠤᠷᠤᠯᠴᠠᠵᠤ᠂ ᠪᠦᠯᠬᠦᠮᠳᠡᠨ ᠨᠢᠬᠲᠠᠷᠠᠵᠤ ᠬᠠᠷᠢᠯᠴᠠᠨ ᠬᠠᠪᠰᠤᠷᠤᠨ᠎ᠠ᠃ 70 ᠵᠢᠯ ᠤᠨ ᠲᠤᠷᠰᠢ᠂ ᠡᠯ᠎ᠠ ᠦᠨᠳᠦᠰᠦᠲᠡᠨ ᠤ ᠺᠠᠳ᠋ᠷ ᠤᠯᠠᠨ ᠲᠦᠮᠡᠨ ᠬᠠᠮᠳᠤᠪᠠᠷ ᠨᠡᠶᠢᠭᠡᠮ ᠤᠨ ᠡᠩᠬᠡ ᠲᠠᠶᠢᠪᠤᠩ ᠬᠢᠭᠡᠳ ᠬᠢᠯᠢ ᠬᠢᠵᠠᠭᠠᠷ ᠤᠨ ᠠᠮᠤᠷ ᠲᠤᠭᠲᠠᠭᠤᠨ ᠢ ᠬᠠᠮᠠᠭᠠᠯᠠᠭᠰᠠᠭᠠᠷ ᠢᠷᠡᠵᠠᠢ᠃

    《 ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠲᠤᠷᠰᠢ᠂ ᠦᠪᠦᠷ ᠮᠣᠩᠭᠣᠯ ᠤᠨ ᠡᠯ᠎ᠠ ᠦᠨᠳᠦᠰᠦᠲᠡᠨ ᠤ ᠠᠷᠠᠳ ᠲᠦᠮᠡᠨ ᠤᠯᠤᠰ ᠤᠨ ᠨᠢᠭᠡᠳᠦᠯ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠤᠨ ᠠᠮᠤᠷ ᠲᠦᠪᠰᠢᠨ ᠢ ᠬᠠᠮᠠᠭᠠᠯᠠᠬᠤ ᠶᠡᠬᠡ ᠪᠦᠲᠦᠴᠡ ᠶᠢ ᠪᠤᠢ ᠪᠤᠯᠭᠠᠵᠤ᠂ ᠪᠠᠷᠠᠭᠤᠨ ᠤᠷᠤᠨ᠂ ᠬᠢᠯᠢ ᠬᠢᠵᠠᠭᠠᠷ᠂ ᠦᠨᠳᠦᠰᠦᠲᠡᠨ ᠤ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠨᠡᠶᠢᠭᠡᠮ ᠤᠨ ᠬᠦᠭ᠍ᠵᠢᠯᠲᠠ ᠶᠢᠨ ᠭᠠᠶᠢᠬᠠᠮᠰᠢᠭ ᠢ ᠡᠭᠦᠳᠴᠠᠢ》 ᠭᠡᠵᠤ ᠳᠤᠮᠳᠠᠳᠤ ᠤᠯᠤᠰ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠠᠺᠠᠳ᠋ᠸᠮᠢ ᠶᠢᠨ ᠡᠷᠳᠡᠮ ᠰᠢᠨᠵᠢᠯᠡᠭᠡᠨ ᠤ ᠬᠡᠯᠲᠡᠰ ᠤᠨ ᠭᠡᠰᠢᠭᠦᠨ ᠬᠤᠤ ᠱᠢ ᠶᠤᠸᠠᠨ ᠶᠠᠷᠢᠯ᠎ᠠ᠃

    ᠳᠤᠮᠳᠠᠳᠤ ᠤᠯᠤᠰ ᠤᠨ ᠡᠪ ᠬᠠᠮᠲᠤ ᠨᠠᠮ ᠬᠠᠳᠠᠭᠤᠵᠢᠯᠲᠠᠢ ᠰᠦᠪᠡᠭ᠍ᠴᠢᠯᠡᠯᠲᠡ ᠪᠤᠯᠤᠨ ᠤᠷᠲᠤ ᠬᠤᠭᠤᠴᠠᠭᠠᠨ ᠤ ᠦᠢᠯᠡᠳᠦᠯᠭᠡ ᠪᠡᠷ ᠳᠠᠮᠵᠢᠨ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠵᠠᠮ ᠢ ᠤᠯᠵᠠᠢ᠃

    1923 ᠤᠨ ᠳᠤ᠂ ᠯᠢ ᠳ᠋ᠠ ᠵᠤᠤ ᠵᠡᠷᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠮᠠᠷᠠᠲᠤ  ᠤᠷᠤᠨ ᠤ ᠵᠤᠬᠢᠶᠠᠨ ᠪᠠᠶᠢᠭᠤᠯᠤᠯᠲᠠ ᠶᠢᠨ ᠤᠳᠤᠷᠢᠳᠬᠤ ᠬᠦᠮᠦᠰ ᠪᠡᠬᠡᠵᠢᠩ ᠤᠨ ᠮᠣᠩᠭᠣᠯ ᠲᠦᠪᠡᠳ ᠰᠤᠷᠭᠠᠭᠤᠯᠢ ᠳᠤ ᠤᠯᠠᠭᠠᠨᠬᠦᠤ ᠮᠡᠳᠦ ᠶᠢᠨ ᠮᠣᠩᠭᠣᠯ ᠦᠨᠳᠦᠰᠦᠲᠡᠨ ᠤ ᠵᠠᠯᠠᠭᠤᠴᠤᠳ ᠲᠤ ᠨᠠᠮ ᠤᠨ ᠵᠤᠷᠢᠯᠳᠠ ᠬᠢᠭᠡᠳ ᠦᠨᠳᠦᠰᠦᠲᠡᠨ ᠤ ᠠᠰᠠᠭᠤᠳᠠᠯ ᠤᠨ ᠬᠦᠲᠦᠯᠪᠦᠷᠢ ᠶᠢ ᠤᠬᠠᠭᠤᠯᠵᠠᠢ᠃ ᠡᠭᠦᠨ ᠡᠴᠡ ᠰᠡᠭᠦᠯᠡᠷ ᠮᠣᠩᠭᠣᠯ ᠦᠨᠳᠦᠰᠦᠲᠡᠨ ᠤ ᠠᠩᠬᠠᠨ ᠤ ᠦᠶ᠎ᠠ ᠶᠢᠨ ᠡᠪ ᠬᠠᠮᠲᠤ ᠨᠠᠮᠳᠠᠨ ᠴᠤᠯᠭᠤᠷᠠᠪᠠ᠃ 1925 ᠤᠨ ᠳᠤ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠤᠮᠠᠷᠠᠲᠤ  ᠤᠷᠤᠨ ᠤ ᠨᠠᠮ ᠤᠨ ᠬᠤᠷᠢᠶᠠᠨ ᠡᠴᠡ ᠦᠪᠦᠷ ᠮᠣᠩᠭᠣᠯ ᠳᠤ ᠨᠠᠮ ᠤᠨ ᠵᠤᠬᠢᠶᠠᠨ ᠪᠠᠶᠢᠭᠤᠯᠤᠯᠲᠠ ᠪᠠᠶᠢᠭᠤᠯᠤᠭᠰᠠᠨ ᠢᠶᠡᠷ ᠦᠪᠦᠷ ᠮᠣᠩᠭᠣᠯ ᠤᠨ ᠬᠤᠪᠢᠰᠬᠠᠯ ᠵᠤᠬᠢᠶᠠᠨ ᠪᠠᠶᠢᠭᠤᠯᠤᠯᠲᠠ ᠳᠡᠭᠡᠷ᠎ᠠ ᠪᠡᠨ ᠵᠢᠩᠬᠢᠨᠢ ᠪᠡᠷ ᠲᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠳᠤᠮᠳᠠᠳᠤ ᠤᠯᠤᠰ ᠤᠨ ᠬᠤᠪᠢᠰᠬᠠᠯ ᠤᠨ ᠪᠦᠷᠢᠯᠳᠦᠬᠦᠨ ᠪᠤᠯᠤᠭᠰᠠᠨ ᠪᠠᠶᠢᠨ᠎ᠠ᠃

    ᠶᠠᠫᠤᠨ ᠢ ᠡᠰᠡᠷᠭᠦᠴᠡᠬᠦ ᠲᠠᠶᠢᠨ ᠪᠤᠯᠤᠨ ᠴᠢᠯᠦᠭᠡᠯᠡᠬᠦ ᠳᠠᠶᠢᠨ ᠤ ᠬᠤᠭᠤᠴᠠᠭᠠᠨ ᠳᠤ᠂ ᠤᠯᠠᠭᠠᠨᠬᠦᠦ ᠵᠡᠷᠭᠡ ᠨᠠᠮ ᠤᠨ ᠭᠡᠰᠢᠭᠦᠳ ᠲᠦᠪ ᠤᠨ ᠤᠳᠤᠷᠢᠳᠤᠯᠭ᠎ᠠ ᠳᠤᠤᠷ᠎ᠠ ᠠᠵᠢᠯᠯᠠᠭ᠎ᠠ ᠦᠷᠨᠢᠭᠦᠯᠵᠤ᠂ ᠭᠠᠳᠠᠭᠠᠲᠤ ᠲᠤᠳᠤᠭᠠᠳᠦ ᠶᠢᠨ ᠲᠡᠷᠰᠡᠯᠡᠬᠦ ᠬᠦᠴᠦᠨ ᠤ ᠦᠪᠦᠷ ᠮᠣᠩᠭᠣᠯ ᠢ ᠬᠠᠭᠠᠴᠠᠭᠤᠯᠬᠤ ᠭᠤᠷᠢᠳᠠᠯᠭ᠎ᠠ ᠶᠢ ᠰᠦᠢᠷᠡᠭᠦᠯᠵᠤ᠂ ᠦᠪᠦᠷ ᠮᠣᠩᠭᠣᠯ ᠤᠨ ᠡᠯ᠎ᠠ ᠦᠨᠳᠦᠰᠦᠲᠡᠨ ᠤ ᠠᠷᠠᠳ ᠲᠦᠮᠡᠨ ᠢ ᠤᠳᠤᠷᠢᠳᠤᠨ ᠵᠦᠪ ᠤᠨᠤᠪᠴᠢᠲᠠᠢ ᠬᠦᠭ᠍ᠵᠢᠯᠲᠠ ᠶᠢᠨ ᠵᠠᠮ ᠢ ᠰᠤᠡᠭᠭᠤᠪᠠ᠃

    ᠲᠡᠭᠡᠷ᠎ᠠ ᠵᠠᠭᠤᠨ ᠤ ᠳᠦᠴᠢᠭᠡᠳ ᠤᠨ ᠤ ᠦᠶᠡᠰ᠂ ᠳᠤᠮᠳᠠᠳᠤ ᠤᠯᠤᠰ ᠤᠨ ᠡᠪ ᠬᠠᠮᠲᠤ ᠨᠠᠮ ᠱᠠᠨᠰᠢ᠂ ᠭᠠᠨᠰᠤ᠂ ᠨᠢᠡᠭᠰᠢᠶᠠ ᠬᠢᠵᠠᠭᠠᠷ ᠤᠷᠤᠨ ᠤ ᠮᠣᠩᠭᠣᠯ ᠦᠨᠳᠦᠰᠦᠲᠡᠨ ᠤ ᠬᠦᠮᠦᠨ ᠠᠮᠠ ᠲᠦᠪᠯᠡᠷᠡᠵᠤ ᠪᠠᠶᠢᠭ᠎ᠠ ᠤᠳᠤᠭ ᠤᠨ ᠡᠮᠦᠨᠡᠲᠤ ᠬᠤᠰᠢᠭᠤᠨ ᠤ ᠪᠤᠷᠤ ᠪᠠᠯᠭᠠᠰᠤᠨ ᠤ ᠬᠠᠪᠢ ᠪᠡᠷ ᠦᠪᠡᠷᠲᠡᠭᠡᠨ ᠵᠠᠰᠠᠬᠤ ᠤᠷᠤᠨ ᠪᠠᠶᠢᠭᠤᠯᠵᠤ᠂ ᠰᠡᠭᠦᠯᠡᠷᠬᠢ ᠦᠨᠳᠦᠰᠦᠲᠡᠨ ᠤ ᠪᠦᠰᠡ ᠨᠤᠲᠤᠭ ᠤᠨ ᠦᠪᠡᠷᠲᠡᠭᠡᠨ ᠵᠠᠰᠠᠬᠤ ᠳᠦᠷᠢᠮ ᠢ ᠬᠡᠷᠡᠭᠵᠢᠭᠦᠯᠬᠦ ᠪᠠ ᠲᠡᠭᠦᠯᠳᠡᠷᠵᠢᠭᠦᠯᠬᠦ ᠳᠤ ᠲᠤᠷᠰᠢᠯᠭ᠎ᠠ ᠬᠤᠷᠠᠮᠳᠤᠭᠤᠯᠪᠠ᠃

    《 ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ ᠤ ᠳᠠᠷᠠᠭ᠎ᠠ᠂ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠳᠦᠷᠢᠮ ᠢ ᠪᠠᠷᠢᠮᠲᠠᠯᠠᠬᠤ ᠪᠠ ᠲᠡᠭᠦᠯᠳᠡᠷᠵᠢᠭᠦᠯᠵᠤ᠂ ᠡᠯ᠎ᠠ ᠦᠨᠳᠦᠰᠦᠲᠡᠨ ᠤ ᠡᠷᠬᠡ ᠲᠡᠭᠰᠢ ᠬᠠᠤᠯᠢ ᠶᠤᠰᠤᠨ ᠤ ᠡᠷᠬᠡ ᠠᠰᠢᠭ ᠪᠤᠯᠤᠨ ᠴᠦᠬᠡᠨ ᠲᠤᠭᠠᠲᠤ ᠦᠨᠳᠦᠰᠦᠲᠡᠨ ᠳᠤ ᠤᠨᠴᠠ ᠪᠠᠶᠢᠬᠤ ᠡᠷᠬᠡ ᠠᠰᠢᠭ ᠢ ᠪᠠᠲᠤᠯᠠᠵᠠᠢ᠃ ᠦᠨᠳᠦᠰᠦᠲᠡᠨ ᠤ ᠤᠨᠴᠠᠯᠢᠭ ᠪᠠ ᠭᠠᠵᠠᠷ ᠤᠷᠤᠨ ᠤ ᠴᠢᠨᠠᠷ ᠢ ᠬᠠᠷᠢᠯᠴᠠᠨ ᠤᠶᠠᠯᠳᠤᠭᠤᠯᠵᠤ᠂ ᠲᠤᠬᠠᠢ ᠶᠢᠨ ᠤᠷᠤᠨ ᠤ ᠪᠠᠶᠢᠳᠠᠯ ᠢ ᠦᠨᠳᠦᠰᠦᠯᠡᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠭᠰᠡᠨ ᠨᠢ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠳᠦᠷᠢᠮ ᠦᠪᠦᠷ ᠮᠣᠩᠭᠣᠯ ᠳᠤ ᠠᠮᠵᠢᠯᠲᠠ ᠲᠠᠢ ᠬᠡᠷᠡᠭᠵᠢᠭᠦᠯᠦᠭᠳᠡᠭᠰᠡᠨ ᠴᠢᠬᠤᠯᠠ ᠲᠤᠷᠰᠢᠯᠭ᠎ᠠ ᠶᠤᠮ》 ᠭᠡᠵᠤ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠠᠺᠠᠳ᠋ᠸᠮᠢ ᠶᠢᠨ ᠰᠤᠳᠤᠯᠤᠭᠠᠴᠢ ᠵᠸᠤ ᠵᠢᠩ ᠬᠤᠩ ᠶᠠᠷᠢᠪᠠ᠃

    ᠦᠨᠦ ᠵᠤᠨ᠂ ᠮᠣᠩᠭᠣᠯ ᠵᠠᠯᠠᠭᠤ ᠪᠤᠶᠠᠨᠪᠠᠳᠠᠷᠠᠬᠤ ᠶᠢᠨ ᠵᠤᠬᠢᠶᠠᠨ ᠪᠠᠢᠢᠭᠤᠯᠤᠬᠰᠠᠨ ᠮᠣᠩᠭᠣᠯ ᠬᠡᠯᠡᠡ ᠤ ᠵᠤᠰᠠᠯᠠᠩ ᠨᠢ ᠠᠷᠪᠠᠭᠠᠳ ᠮᠣᠩᠭᠣᠯ ᠬᠡᠤᠬᠡᠳ ᠤᠳ ᠢ3Dᠬᠡᠪᠯᠡᠬᠦ ᠮᠠᠰᠢᠨ᠂ ᠯᠠᠶᠢᠰᠸᠷ ᠬᠡᠷᠴᠢᠬᠦ ᠮᠠᠰᠢᠨ᠂ ᠪᠢᠴᠢᠯ ᠮᠠᠰᠢᠨ ᠬᠦᠮᠦᠨ ᠵᠡᠷᠭᠡ ᠰᠢᠨ᠎ᠠ ᠰᠡᠪᠡᠭᠦᠨ《 ᠲᠡᠭᠡᠲᠤ ᠲᠸᠭ᠍ᠨᠢᠭ᠌》 ᠲᠠᠢ ᠲᠠᠨᠢᠯᠴᠠᠭᠤᠯᠪᠠ᠃ ᠪᠤᠶᠠᠨᠪᠠᠳᠠᠷᠠᠬᠤ ᠦᠪᠡᠷ ᠢᠶᠡᠨ ᠬᠤᠷᠴᠢᠨ ᠨᠤᠲᠤᠭ ᠲᠠᠢ᠂ ᠪᠠᠭ᠎ᠠ ᠡᠴᠡ ᠪᠡᠨ ᠮᠣᠩᠭᠣᠯ ᠬᠢᠳᠡᠳ ᠬᠤᠤᠰ ᠬᠡᠯᠡᠨ ᠤ ᠰᠤᠷᠭᠠᠨ ᠬᠦᠮᠦᠵᠢᠯ ᠬᠦᠷᠲᠡᠵᠠᠢ᠃ 《 ᠡᠬᠡ ᠬᠡᠯᠡ ᠪᠤᠯ ᠮᠢᠨᠦ ᠦᠰᠦᠨ ᠪᠤᠶᠢᠵᠢᠬᠤ ᠦᠨᠳᠦᠰᠦ᠂ ᠬᠢᠲᠠᠳ ᠬᠡᠯᠡ ᠨᠠᠳᠠ ᠳᠤ ᠤᠳᠤᠬᠢᠴᠢᠯᠠᠭᠰᠠᠨ ᠠᠮᠢᠳᠤᠷᠠᠯ ᠢ ᠦᠭ᠍ᠪᠡ᠂ ᠬᠡᠯᠡ ᠰᠠᠶᠢᠨ ᠰᠤᠷᠬᠤ ᠨᠢ ᠲᠤᠩ ᠴᠢᠬᠤᠯᠠ》 ᠭᠡᠵᠤ ᠪᠤᠶᠠᠨᠪᠠᠳᠠᠷᠠᠬᠤ ᠶᠠᠷᠢᠵᠤ ᠪᠠᠶᠢᠯ᠎ᠠ᠃

    2016 ᠤᠨ ᠤ 11 ᠰᠠᠷ᠎ᠠ ᠳᠤ᠂《 ᠦᠪᠦᠷ ᠮᠣᠩᠭᠣᠯ ᠤᠨ ᠦᠪᠡᠷᠲᠭᠡᠨ ᠵᠠᠰᠠᠬᠤ ᠤᠷᠤᠨ ᠤ ᠦᠨᠳᠦᠰᠦᠲᠡᠨ ᠤ ᠰᠤᠷᠭᠠᠨ ᠬᠦᠮᠦᠵᠢᠯ ᠤᠨ ᠳᠦᠷᠢᠮ》 ᠨᠡᠶᠢᠲᠡᠯᠡᠭᠳᠡᠵᠤ ᠬᠡᠷᠡᠭᠵᠢᠭᠦᠯᠦᠭᠳᠡᠪᠡ᠃ ᠦᠨᠳᠦᠰᠦᠲᠡᠨ ᠤ ᠦᠭᠡ ᠬᠡᠯᠡ᠂ ᠦᠰᠦᠭ ᠪᠢᠴᠢᠭ᠌ ᠪᠤᠯᠤᠨ ᠦᠨᠳᠦᠰᠦᠲᠡᠨ ᠤ ᠰᠤᠶᠤᠯ ᠤᠯᠠᠮ ᠴᠢᠨᠠᠭᠰᠢᠲᠠ ᠬᠠᠮᠠᠭᠠᠯᠠᠭᠳᠠᠨ ᠤᠯᠠᠮᠵᠢᠯᠠᠭᠳᠠᠵᠤ ᠦᠨᠳᠦᠰᠦᠲᠡᠨ ᠤ ᠰᠤᠷᠭᠠᠨ ᠬᠦᠮᠦᠵᠢᠯ ᠢ ᠤᠷᠢᠳᠠᠵᠤ ᠭᠤᠤᠯᠳᠠᠯᠭ᠎ᠠ ᠲᠠᠢ ᠬᠦᠭ᠍ᠵᠢᠭᠦᠯᠪᠡ᠃

    《 ᠤᠯᠠᠨ ᠵᠢᠯ ᠤᠨ ᠲᠤᠷᠰᠢ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠦᠨᠳᠦᠰᠦᠲᠡᠨ ᠤ ᠤᠷᠤᠨ ᠤ ᠦᠪᠡᠷᠳᠡᠭᠡᠨ ᠵᠠᠰᠠᠬᠤ ᠳᠦᠷᠢᠮ ᠢ ᠪᠠᠷᠢᠮᠲᠠᠯᠠᠵᠤ ᠲᠡᠭᠦᠯᠳᠡᠷᠵᠢᠭᠦᠯᠦᠨ᠂ ᠦᠨᠳᠦᠰᠦᠲᠡᠨ ᠤ ᠬᠠᠤᠯᠢ ᠲᠤᠭᠲᠠᠭᠠᠬᠤ ᠶᠢ ᠴᠢᠩᠭ᠋ᠠᠳᠬᠠᠵᠤ᠂ ᠮᠣᠩᠭᠣᠯ ᠦᠭᠡ ᠬᠡᠯᠡ ᠦᠰᠦᠭ ᠪᠢᠴᠢᠭ᠌ ᠤᠨ ᠠᠵᠢᠯ ᠤᠨ ᠲᠦᠷᠢᠮ᠂ ᠮᠣᠩᠭᠣᠯ ᠬᠢᠲᠡᠳ ᠡᠮ ᠡᠮᠨᠡᠯᠭᠡ ᠶᠢᠨ ᠳᠦᠷᠢᠮ᠂ ᠲᠠᠯ᠎ᠠ ᠨᠤᠲᠤᠭ ᠤᠨ ᠬᠠᠮᠢᠶᠠᠷᠤᠯᠲᠠ ᠶᠢᠨ ᠳᠦᠷᠢᠮ ᠵᠡᠷᠭᠡ 500 ᠭᠠᠷᠤᠢ ᠪᠦᠰᠡ ᠨᠤᠲᠤᠭ ᠤᠨ ᠳᠦᠷᠢᠮ ᠲᠤᠭᠲᠠᠭᠠᠯ᠂ ᠰᠠᠨᠠᠯ ᠢ ᠲᠤᠭᠲᠠᠭᠠᠨ ᠴᠤᠬᠤᠪᠤᠷᠢᠯᠠᠵᠤ᠂ ᠡᠯ᠎ᠠ ᠲᠦᠷᠦᠯ ᠤᠨ ᠠᠵᠢᠯ ᠢ ᠬᠠᠤᠯᠢ ᠪᠡᠷ ᠳᠦᠷᠢᠮᠵᠢᠭᠦᠯᠤᠭ᠍ᠰᠡᠨ ᠶᠤᠮ》 ᠭᠡᠵᠤ ᠦᠪᠦᠷ ᠮᠣᠩᠭᠣᠯ ᠤᠨ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠶᠢᠩᠭ᠋ᠤ ᠶᠢᠨ ᠬᠤᠷᠢᠶᠠᠨ ᠤ ᠳᠡᠳ᠋ ᠡᠷᠬᠢᠯᠡᠭᠴᠢ ᠡᠤ ᠲᠤᠸᠡᠠ ᠶᠢᠩ ᠶᠠᠷᠢᠵᠠᠢ᠃

    《ᠤᠯᠤᠰ ᠤᠨ ᠳᠡᠮᠵᠢᠯᠭᠡ ᠪᠠ ᠦᠪᠡᠷᠲᠡᠭᠡᠨ ᠬᠦᠴᠦᠷᠭᠡᠭ᠍ᠵᠢᠬᠦ ᠶᠢ ᠤᠶᠠᠯᠳᠤᠭᠤᠯᠬᠤ ᠨᠢ ᠦᠪᠦᠷ ᠮᠣᠩᠭᠣᠯ ᠤᠨ 70 ᠵᠢᠯ ᠤᠨ ᠲᠤᠷᠰᠢ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ  ᠲᠦᠷᠦ ᠶᠢᠨ ᠪᠤᠳᠤᠯᠭ᠎ᠠ ᠶᠢ ᠲᠤᠤᠱᠯᠠᠭᠤᠯᠤᠭᠰᠠᠨ ᠨᠠᠨᠳᠢᠨ ᠲᠤᠷᠰᠢᠯᠭ᠎ᠠ ᠮᠦᠨ》 ᠭᠡᠵᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠦᠭ᠍ᠵᠢᠯᠲᠠ ᠶᠢᠨ ᠰᠤᠳᠤᠯᠭᠠᠨ ᠤ ᠲᠦᠪ ᠤᠨ ᠨᠠᠮ ᠤᠨ ᠬᠤᠷᠢᠶᠠᠨ ᠤ ᠱᠦᠵᠢ᠂ ᠰᠤᠳᠤᠯᠤᠭᠠᠴᠢ ᠼᠠᠢ ᠴᠠᠩ ᠴᠢᠩ ᠶᠡᠷᠢᠯ᠎ᠠ᠃

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ ᠤ ᠳᠠᠷᠠᠭ᠎ᠠ᠂ ᠤᠯᠤᠰ ᠡᠴᠡ ᠪᠡᠯᠡ ᠮᠦᠩᠭᠦ ᠭᠠᠷᠭᠠᠨ ᠲᠦᠰᠦᠯ ᠲᠤᠬᠢᠷᠠᠭᠤᠯᠵᠤ ᠦᠪᠦᠷ ᠮᠣᠩᠭᠣᠯ ᠤᠨ ᠡᠳ᠋ ᠤᠨ ᠵᠠᠰᠠᠭ ᠤᠨ ᠬᠦᠭ᠍ᠵᠢᠯᠲᠠ ᠶᠢ ᠠᠬᠢᠭᠤᠯᠪᠠ᠃ 《1·5》 ᠬᠦᠭ᠍ᠵᠢᠯᠲᠠ ᠶᠢᠨ ᠲᠦᠰᠦᠯ ᠤᠨ ᠬᠤᠭᠤᠴᠠᠭᠠᠨ ᠳᠡᠬᠢ 156 ᠭᠤᠤᠯᠳᠠᠯᠭ᠎ᠠ ᠲᠠᠢ ᠲᠦᠰᠦᠯ ᠤᠨ 5 ᠶᠢ᠋ ᠨᠢ ᠦᠪᠦᠷ ᠮᠣᠩᠭᠣᠯ ᠳᠤ ᠲᠤᠬᠢᠷᠠᠭᠤᠯᠤᠭᠰᠠᠨ ᠶᠤᠮ᠃ ᠤᠯᠤᠰ ᠡᠴᠡ ᠪᠠᠰᠠ ᠨᠢᠭᠡ ᠪᠦᠯᠦᠭ ᠠᠵᠤ ᠠᠬᠤᠶᠢᠯᠠᠯ ᠢ ᠲᠠᠲᠠᠨ ᠤᠷᠤᠭᠤᠯᠵᠤ᠂ ᠴᠢᠳᠠᠪᠤᠷᠢᠲᠠᠨ᠂ ᠠᠵᠢᠯᠴᠢᠨ ᠵᠡᠷᠭᠡ 7 ᠲᠦᠮᠡᠨ ᠭᠠᠷᠤᠢ ᠬᠦᠮᠦᠨ ᠢ ᠦᠪᠦᠷ ᠮᠣᠩᠭᠣᠯ ᠳᠤ ᠰᠢᠯᠵᠢᠭᠦᠯᠦᠨ ᠠᠪᠴᠢᠷᠠᠵᠠᠢ᠃ ᠦᠭᠡᠷᠡᠴᠢᠯᠡᠯᠲᠡ ᠨᠡᠭᠡᠭᠡᠯᠲᠡ ᠡᠴᠡ ᠰᠡᠭᠦᠯᠡᠷ᠂ ᠪᠠᠷᠠᠭᠤᠨ ᠤᠷᠤᠨ ᠢ ᠶᠡᠬᠡᠪᠡᠷ ᠨᠡᠭᠡᠭᠡᠬᠦ᠂ ᠵᠡᠭᠦᠨ ᠬᠤᠶᠢᠲᠤ ᠶᠢᠨ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠢ ᠰᠡᠷᠭᠦᠭᠡᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠢᠶᠡᠷ ᠦᠪᠦᠷ ᠮᠣᠩᠭᠣᠯ ᠤᠨ ᠡᠳ᠋ ᠤᠨ ᠵᠠᠰᠠᠭ ᠤᠨ ᠬᠦᠭ᠍ᠵᠢᠯᠲᠠ ᠶᠢ ᠠᠬᠢᠭᠤᠯᠵᠠᠢ᠃

    ᠲᠦᠪ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢ᠂ ᠦᠪᠦᠷ ᠮᠣᠩᠭᠣᠯ ᠡᠬᠢ ᠪᠠᠶᠠᠯᠢᠭ ᠤᠨ ᠬᠡᠯᠪᠡᠷᠢᠲᠤ ᠠᠵᠤ ᠦᠢᠯᠡᠰ ᠤᠨ ᠬᠡᠯᠬᠢᠶ᠎ᠠ ᠶᠢ ᠤᠷᠳᠤᠳᠬᠠᠵᠤ᠂ ᠠᠵᠤ ᠠᠬᠤᠶᠢᠯᠠᠯ ᠢ ᠤᠳᠤᠷᠢᠳᠤᠨ ᠡᠬᠢ ᠪᠠᠶᠠᠯᠢᠭ ᠢ ᠤᠯᠠᠷᠢᠭᠤᠯᠤᠨ ᠦᠷᠳᠡᠭ ᠢ ᠨᠡᠮᠡᠭᠳᠡᠭᠦᠯᠬᠦ ᠵᠠᠮ ᠢᠶᠡᠷ ᠵᠠᠮᠨᠠᠨ᠂《 ᠨᠡᠭᠦᠷᠡᠰᠤ ᠮᠠᠯᠲᠠᠵᠤ ᠨᠡᠭᠦᠷᠡᠰᠤ ᠬᠤᠳᠠᠯᠳᠤᠬᠤ᠂ ᠰᠢᠷᠤᠢ ᠮᠠᠯᠳᠠᠵᠤ ᠰᠢᠷᠤᠢ ᠬᠤᠳᠠᠯᠳᠤᠬᠤ》 ᠳᠦᠭᠦᠮ ᠪᠦᠲᠦᠴᠡ ᠡᠴᠡ ᠭᠠᠷᠬᠤ ᠪᠡᠷ ᠴᠢᠷᠮᠠᠶᠢᠵᠤ᠂ ᠰᠢᠨ᠎ᠠ ᠢᠢ ᠡᠭᠦᠳᠬᠦ ᠪᠡᠷ ᠳᠠᠮᠵᠢᠨ ᠠᠵᠤ ᠦᠢᠯᠡᠰ ᠤᠨ ᠵᠡᠷᠭᠡᠯᠡᠯ ᠪᠠ ᠲᠠᠸᠠᠷ ᠤᠨ ᠨᠡᠮᠡᠭᠳᠡᠯ ᠦᠷᠳᠡᠭ ᠢ ᠪᠡᠶᠡᠯᠡᠭᠦᠯᠦᠭᠰᠡᠨ ᠪᠠᠶᠢᠨ᠎ᠠ᠃

    ᠬᠦᠭ᠍ᠵᠢᠯᠲᠠ ᠶᠢᠨ ᠳᠤᠮᠳᠠ᠂ ᠦᠪᠦᠷ ᠮᠣᠩᠭᠣᠯ ᠠᠮᠢ ᠠᠬᠤᠢ ᠶᠢᠨ ᠦᠨᠳᠦᠰᠦᠨ ᠱᠤᠭᠤᠮ ᠢ ᠪᠠᠷᠢᠮᠲᠠᠯᠠᠵᠤ᠂ ᠶᠡᠬᠡ ᠬᠡᠪᠴᠢᠶ᠎ᠠ ᠪᠡᠷ ᠬᠠᠭᠠᠯᠪᠤᠷᠢᠯᠠᠬᠤ ᠪᠡᠨ ᠵᠤᠭᠰᠤᠵᠤ ᠤᠶᠢᠵᠢᠭᠤᠯᠬᠤ᠂ ᠪᠡᠬᠡᠵᠢᠩ ᠲᠢᠶᠠᠨᠵᠢᠨ ᠤ ᠰᠠᠯᠬᠢ ᠰᠢᠭᠤᠷᠭ᠎ᠠ ᠶᠢᠨ ᠡᠬᠢ ᠶᠢ ᠵᠠᠰᠠᠬᠤ ᠵᠡᠷᠭᠡ ᠬᠦᠨᠲᠤ ᠴᠢᠬᠤᠯᠠ ᠠᠮᠢ ᠠᠬᠤᠢ ᠶᠢᠨ ᠢᠨᠵᠸᠨ᠋ᠸᠷᠢᠩ ᠢ ᠬᠡᠷᠡᠭᠵᠢᠭᠦᠯᠤᠭ᠍ᠰᠡᠨ ᠢᠶᠡᠷ ᠡᠳ᠋ ᠤᠨ ᠵᠠᠰᠠᠭ ᠤᠨ ᠬᠦᠭ᠍ᠵᠢᠯᠲᠠ ᠪᠤᠯᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠰᠠᠶᠢᠨ ᠰᠠᠶᠢᠬᠠᠨ ᠵᠤᠬᠢᠴᠠᠯ ᠢ ᠪᠤᠢ ᠪᠤᠯᠭᠠᠵᠠᠢ᠃

    70 ᠵᠢᠯ ᠤᠨ ᠲᠤᠷᠰᠢ᠂ ᠦᠦᠪᠦᠷ ᠮᠣᠩᠭᠣᠯ ᠪᠠᠰᠠ ᠴᠦᠬᠡᠨ ᠲᠤᠭᠠᠲᠤ ᠦᠨᠳᠦᠰᠦᠲᠡᠨ ᠤ ᠰᠤᠶᠤᠯ ᠢ ᠤᠯᠠᠮᠵᠢᠯᠠᠵᠤ ᠬᠠᠮᠠᠭᠠᠯᠠᠬᠤ ᠶᠢ ᠬᠦᠨᠳᠦᠳᠭᠡᠨ ᠠᠨᠳᠠᠢ ᠪᠦᠵᠢᠭ᠌᠂ ᠤᠷᠳᠤ ᠶᠢᠨ ᠳᠠᠭᠤᠤ ᠵᠡᠷᠭᠡ 400 ᠭᠠᠷᠤᠢ ᠪᠠᠶᠠᠲᠤ ᠪᠤᠰᠤ ᠰᠤᠶᠤᠯ ᠤᠨ ᠦᠪ ᠬᠠᠮᠠᠭᠠᠯᠠᠯᠲᠠ ᠤᠯᠠᠮᠵᠢᠯᠠᠭ᠎ᠠ ᠪᠡᠨ ᠤᠯᠪᠠ᠃ ᠨᠢᠭᠡ ᠪᠦᠯᠦᠭ ᠦᠨᠳᠦᠰᠦᠲᠡᠨ ᠤ ᠰᠤᠳᠤᠷ ᠪᠢᠴᠢᠭ᠌᠂ ᠠᠮᠠ ᠪᠡᠷ ᠤᠯᠠᠮᠵᠢᠯᠠᠭᠳᠠᠭᠰᠠᠨ ᠬᠠᠭᠤᠴᠢᠨ ᠤ ᠨᠤᠮ ᠰᠤᠳᠤᠷ ᠵᠢᠴᠢ ᠮᠢᠩᠭ᠋᠎ᠠ ᠭᠠᠷᠤᠢ ᠳᠠᠭᠤᠤ ᠪᠦᠵᠢᠭ᠌᠂ ᠬᠦᠭ᠍ᠵᠢᠮ ᠠᠶ᠎ᠠ ᠵᠡᠷᠭᠡ ᠠᠷᠠᠳ ᠤᠨ ᠳᠤᠮᠳᠠᠬᠢ ᠤᠷᠠᠯᠢᠭ ᠢᠯᠡᠷᠡᠭᠦᠯᠦᠭᠳᠡᠨ ᠡᠮᠬᠢᠯᠡᠭᠳᠡᠵᠦ ᠦᠨᠢ ᠤᠳᠠᠭᠠᠨ ᠲᠠᠯ᠎ᠠ ᠨᠤᠲᠤᠭ ᠤᠨ ᠰᠤᠶᠤᠯ ᠤᠯᠠᠮᠵᠢᠯᠠᠭᠳᠠᠨ ᠵᠠᠯᠭᠠᠮᠵᠢᠯᠠᠭᠳᠠᠵᠤ ᠪᠤᠢ᠃

    《 ᠡᠯ᠎ᠠ ᠦᠨᠳᠦᠰᠦᠲᠡᠨ ᠬᠠᠷᠢᠯᠴᠠᠨ ᠬᠦᠨᠳᠦᠳᠭᠡᠵᠤ᠂ ᠬᠠᠷᠢᠯᠴᠠᠨ ᠮᠡᠳᠡᠷᠡᠵᠤ᠂ ᠲᠠᠯ᠎ᠠ ᠨᠤᠲᠤᠭ ᠤᠨ ᠰᠤᠶᠤᠯ ᠦᠪᠦᠷ ᠮᠣᠩᠭᠣᠯ ᠤᠨ ᠪᠦᠰᠡ ᠨᠤᠲᠤᠭ ᠤᠨ ᠰᠤᠶᠤᠯ ᠤᠨ ᠨᠡᠷ᠎ᠠ ᠶᠢᠨ ᠬᠠᠭᠤᠳᠠᠰᠤ ᠪᠤᠯᠵᠠᠢ᠂ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ ᠡᠢ᠎ᠠ ᠨᠠᠶᠢᠷᠠᠮᠳᠠᠭᠤ ᠦᠨᠳᠦᠰᠦᠲᠡᠨ ᠤ ᠬᠠᠷᠢᠯᠴᠠᠭ᠎ᠠ ᠶᠢ ᠪᠤᠢ ᠪᠤᠯᠭᠠᠵᠤ᠂ ᠬᠠᠮᠲᠤ ᠰᠤᠷᠤᠯᠴᠠᠨ᠂ ᠬᠠᠮᠲᠤ ᠠᠵᠢᠯᠯᠠᠵᠤ᠂ ᠬᠠᠮᠲᠤ ᠡᠳ᠋ᠯᠡᠬᠦ ᠨᠡᠶᠢᠭᠡᠮ ᠤᠨ ᠠᠮᠢᠳᠤᠷᠠᠯ ᠤᠨ ᠬᠠᠷᠢᠯᠴᠠᠭ᠎ᠠ ᠨᠢ ᠦᠪᠦᠷ ᠮᠣᠩᠭᠣᠯ ᠤᠨ ᠴᠡᠴᠡᠭᠯᠡᠨ ᠬᠦᠭ᠍ᠵᠢᠯᠲᠠ ᠶᠢ ᠪᠠᠶᠠᠯᠠᠭᠦᠯᠦᠭᠰᠡᠨ ᠶᠤᠮ》 ᠭᠡᠵᠤ ᠬᠤᠤ ᠱᠢ ᠶᠤᠸᠠᠨ ᠶᠠᠷᠢᠯ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121464825