蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠤᠯᠠᠭᠠᠨᠬᠠᠲᠠ ᠶᠢᠨ ᠬᠠᠷᠢᠶᠠᠨ ᠳᠤ ᠬᠤᠢ ᠰᠠᠯᠬᠢ ᠳᠡᠭᠳᠡᠵᠤ 5 ᠬᠦᠮᠦᠨ ᠡᠨᠳᠡᠨ 50 ᠭᠠᠷᠤᠢ ᠬᠦᠮᠦᠨ ᠰᠢᠷᠬᠠᠳᠤᠪᠠ

2017-08-12 18:01

    ᠰᠢᠨᠬᠤᠸᠠ ᠬᠤᠷᠢᠶ᠎ᠠ   ᠬᠦᠬᠡᠬᠤᠲᠠ ᠶᠢᠨ 8 ᠰᠠᠷ᠎ᠠ ᠶᠢᠨ 11 ᠤ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠸᠠᠩ ᠵᠢᠩ᠂ ᠵᠠᠩ ᠯᠢ ᠨᠠ) ᠰᠤᠷᠪᠤᠯᠵᠢᠯᠠᠭᠴᠢ ᠤᠯᠠᠭᠠᠨᠬᠠᠲᠠ ᠬᠤᠲᠠ ᠶᠢᠨ ᠵᠠᠰᠠᠭ ᠤᠨ ᠤᠷᠳᠤᠨ ᠤ ᠪᠠᠴᠢᠮ ᠪᠠᠶᠢᠳᠠᠯ ᠢ ᠠᠷᠭᠠᠴᠠᠬᠤ ᠠᠯᠪᠠᠨ ᠡᠴᠡ ᠤᠶᠢᠯᠠᠭᠠᠭᠰᠨ ᠢᠶᠡᠷ᠂ 11 ᠤ ᠡᠳᠦᠷ ᠤᠨ 16᠄ 00 ᠴᠠᠭ ᠤᠨ ᠦᠶ᠎ᠠ ᠪᠡᠷ᠂ ᠤᠯᠠᠭᠠᠨᠬᠠᠲᠠ ᠬᠤᠲᠠ ᠶᠢᠨ ᠬᠡᠰᠢᠭᠲᠡᠨ ᠬᠤᠰᠢᠭᠤ ᠪᠤᠯᠤᠨ ᠤᠩᠨᠢᠭᠤᠳ ᠬᠤᠰᠢᠭᠤ ᠬᠤᠢ ᠰᠠᠯᠬᠢᠨ ᠳᠤ ᠳᠠᠭᠠᠷᠢᠭᠳᠠᠨ 2 ᠰᠢᠶᠠᠩ ᠪᠠᠯᠭᠠᠰᠤ ᠪᠤᠯᠤᠨ 4 ᠵᠠᠰᠠᠭ ᠵᠠᠬᠢᠷᠭᠠᠨ ᠤ ᠲᠤᠰᠬᠤᠨ ᠭᠠᠮᠰᠢᠭᠳᠠᠵᠠᠢ᠃ 12 ᠤᠨ ᠡᠳᠦᠷ ᠤᠨ 01᠄ 00 ᠴᠠᠭ ᠪᠤᠯᠲᠠᠯ᠎ᠠ ᠭᠠᠮᠰᠢᠭ ᠲᠤ ᠨᠢᠭᠡᠨᠲᠠ 5 ᠬᠦᠮᠦᠨ ᠡᠨᠳᠡᠨ 50 ᠭᠠᠷᠤᠢ ᠬᠦᠮᠦᠨ ᠰᠢᠷᠬᠠᠳᠤᠭᠰᠠᠨ ᠪᠦᠭᠡᠳ ᠤᠯᠠᠨ ᠭᠠᠵᠠᠷ ᠤᠨ ᠢᠷᠭᠡᠳ ᠤᠨ ᠤᠷᠤᠨ ᠰᠠᠭᠤᠴᠠ ᠬᠦᠨᠳᠤ ᠨᠤᠴᠢᠲᠠᠢ ᠡᠪᠳᠡᠭᠳᠡᠭᠰᠡᠨ ᠪᠠᠶᠢᠨ᠎ᠠ᠃

    ᠤᠳᠤᠬᠠᠨ ᠳᠤ ᠰᠢᠷᠬᠠᠳᠤᠭᠰᠠᠳ ᠢ ᠡᠮᠨᠡᠯᠭᠡ ᠳᠤ ᠬᠦᠷᠭᠡᠨ ᠡᠮᠴᠢᠯᠡᠭᠦᠯᠵᠤ ᠭᠠᠮᠰᠢᠭᠳᠠᠭᠰᠠᠨ ᠢᠷᠭᠡᠳ ᠢ ᠲᠤᠬᠢᠲᠠᠢ ᠲᠦᠪᠬᠢᠨᠡᠭᠦᠯᠦᠨ ᠭᠠᠮᠰᠢᠭ ᠡᠴᠡ ᠠᠪᠤᠷᠠᠬᠤ ᠠᠵᠢᠯ ᠢ ᠡᠷᠴᠢᠮᠲᠠᠢ ᠶᠠᠪᠤᠭᠳᠠᠭᠤᠯᠵᠤ ᠪᠤᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121473482