蒙古文网站Logo
ᠰᠢᠨᠬᠤᠸᠠ ᠮᠤᠩᠭ᠋ᠤᠯ ᠨᠧᠲ

ᠮᠠᠨ ᠤ ᠤᠯᠤᠰ ᠤᠨ ᠰᠢᠨ᠎ᠡ ᠦᠶ᠎ᠡ ᠶ᠋ᠢᠨ ᠳᠤᠮᠳᠠ ᠵᠡᠷᠭᠡ ᠶ᠋ᠢᠨ ᠬᠤᠷᠳᠤᠴᠠᠲᠤ ᠬᠦᠪᠪᠦᠮᠡᠯ ᠭᠠᠯᠲᠤ ᠲᠡᠷᠭᠡ ᠶ᠋ᠢ ᠲᠤᠷᠰᠢᠨ ᠠᠶᠠᠯᠠᠭᠤᠯᠵᠠᠢ

2017-08-14 17:26

    ᠰᠢᠨᠬᠤᠧᠠ ᠬᠤᠷᠢᠶ᠎ᠠ   ᠳ᠋ᠠᠯᠢᠶᠠᠨ ᠤ 8 ᠰᠠᠷ᠎ᠠ ᠵᠢᠨ 13 ᠤ ᠡᠳᠦᠷ ‍ᠥᠨ ᠴᠠᠬᠢᠯᠭᠠᠨ ᠮᠡᠳᠡᠭᠡ(ᠰᠤᠷᠪᠤᠯᠵᠢᠯᠠᠭᠴᠢ ᠪᠠᠢ ᠶᠥᠩ ᠴᠢᠤᠧᠠᠨ) ᠨᠠᠶ᠋ᠮᠠᠨ ᠵᠢᠯ ᠭᠠᠷᠤᠢ ᠶᠢᠨ ᠬᠤᠭᠤᠴᠠᠭᠠᠨ ᠤ ᠰᠤᠳᠤᠯᠭ᠎ᠠ ᠪᠠᠷ ᠳᠠᠮᠵᠢᠵᠤ᠂ ᠮᠠᠨ ᠤ ᠤᠯᠤᠰ ᠤᠨ ᠰᠢᠨ᠎ᠡ ᠦᠶ᠎ᠡ ᠶᠢᠨ ᠳᠤᠮᠳᠠ ᠵᠡᠷᠭᠡ ᠶᠢᠨ ᠬᠤᠷᠳᠤᠴᠠᠲᠤ ᠬᠦᠪᠪᠦᠮᠡᠯ ᠭᠠᠯᠲᠤ ᠲᠡᠷᠭᠡ ᠶᠢ ᠣᠶᠢᠷ᠎ᠠ ᠳ᠋ᠤ ᠱᠠᠩᠬᠠᠢ ᠬᠣᠲᠠ ᠳ᠋ᠤ ᠲᠤᠷᠰᠢᠵᠤ᠂ ᠴᠠᠭ ᠲᠤ 120 ᠺᠢᠯᠣᠮᠧᠲ᠋ᠷ ᠠᠶᠠᠯᠠᠵᠤ ᠴᠢᠳᠠᠭᠰᠠᠨ ᠪᠠᠶᠢᠨ᠎ᠠ᠃

    ᠳᠤᠮᠳᠠᠳᠤ ᠤᠯᠤᠰ ᠤᠨ ᠮᠠᠰᠢᠨ ᠲᠡᠷᠭᠡᠨ ᠦ ᠳ᠋ᠠᠯᠢᠶᠠᠨ ᠤ ᠬᠤᠪᠢᠶᠠᠷᠢ ᠺᠣᠮᠫᠠᠨᠢ ᠶᠢᠨ ᠶᠡᠷᠦᠩᠬᠡᠢ ᠢᠨᠵᠧᠨᠧᠷ ᠴᠢᠦᠢ ᠲᠢᠶᠠᠨ ᠸᠸᠢ᠂ ᠲᠤᠷᠰᠢᠨ ᠠᠶᠠᠯᠠᠭᠤᠯᠬᠤ ᠠᠵᠢᠯᠯᠠᠭ᠎ᠠ ᠠᠮᠵᠢᠯᠲᠠ ᠲᠠᠢ ᠪᠣᠯᠣᠭᠰᠠᠨ ᠨᠢ ᠮᠠᠨ ᠤ ᠣᠳᠣ ᠰᠢᠨ᠎ᠡ ᠦᠶ᠎ᠡ ᠶᠢᠨ ᠳᠤᠮᠳᠠ ᠵᠡᠷᠭᠡ ᠶᠢᠨ ᠬᠤᠷᠳᠤᠴᠠᠲᠤ ᠬᠦᠪᠪᠦᠮᠡᠯ ᠭᠠᠯᠲᠤ ᠲᠡᠷᠭᠡᠨ ᠦ ᠰᠢᠰᠲ᠋ᠧᠮ ᠦᠨ ᠵᠠᠩᠭᠢᠯᠠᠭ᠎ᠠ ᠶᠢᠨ ᠲᠧᠭᠨᠤᠯᠤᠬᠢ ᠶᠢ ᠡᠵᠡᠮᠰᠢᠭᠰᠡᠨ ᠢ ᠬᠠᠷᠠᠭᠤᠯᠵᠤ ᠪᠠᠶᠢᠨ᠎ᠠ᠃ ᠡᠶᠢᠮᠦ ᠭᠠᠯᠲᠤ ᠲᠡᠷᠭᠡ ᠶᠢ ᠬᠠᠮᠤᠭ ᠤᠨ ᠬᠤᠷᠳᠤᠨ ᠳ᠋ᠠᠭᠠᠨ ᠨᠢᠭᠡ ᠵᠢᠯ ᠦᠨ ᠳᠣᠲᠣᠷ᠎ᠠ ᠦᠢᠯᠡᠳᠪᠦᠷᠢᠯᠡᠵᠦ ᠠᠰᠢᠭᠯᠠᠯᠲᠠ ᠳ᠋ᠤ ᠣᠷᠣᠭᠤᠯᠬᠤ ᠪᠣᠯᠣᠮᠵᠢ ᠲᠠᠢ ᠶᠤᠮ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121481424