蒙古文网站Logo
ᠰᠢᠨᠬᠤᠸᠠ ᠮᠤᠩᠭ᠋ᠤᠯ ᠨᠧᠲ

ᠬᠦᠪᠴᠢ ᠡᠯᠡᠰᠦᠨ ᠴᠦᠯ  《 ᠡᠯᠡᠰᠦ ᠲᠦᠷᠢᠵᠤ ᠬᠦᠮᠦᠨ ᠤᠬᠤᠷᠢᠳᠠᠭ》ᠪᠠᠶᠢᠭᠰᠠᠨ ᠡᠴᠡ 《ᠡᠯᠡᠰᠦ ᠤᠬᠤᠷᠢᠵᠤ ᠬᠦᠮᠦᠨ ᠲᠦᠷᠢᠬᠦ》ᠬᠤᠪᠢᠷᠠᠯᠳᠠ ᠶᠢ ᠪᠡᠶᠡᠯᠡᠬᠦᠯᠵᠡᠢ

2017-08-14 17:30

    ᠰᠢᠨᠬᠤᠸᠠ ᠬᠤᠷᠢᠶ᠎ᠠ ᠬᠦᠬᠡᠬᠤᠳᠠ ᠶᠢᠨ 8 ᠰᠠᠷ᠎ᠠ ᠶᠢᠨ 10 ᠤ ᠡᠳᠦᠷ (ᠰᠤᠷᠪᠤᠯᠵᠢᠯᠠᠭᠴᠢ ᠸᠠᠩ ᠵᠢᠩ) ᠦᠪᠦᠷ ᠮᠤᠩᠭ᠋ᠤᠯ ᠤᠨ ᠤᠷᠳᠤᠰ ᠬᠤᠳᠠ ᠶᠢᠨ ᠤᠢ ᠰᠢᠭᠤᠢ ᠶᠢᠨ ᠲᠤᠪᠴᠢᠶᠠᠨ ᠡᠴᠡ ᠶᠠᠪᠤᠭᠤᠯᠤᠬᠰᠠᠨ ᠴᠦᠯᠵᠢᠯ ᠤᠨ ᠬᠢᠨᠠᠨ ᠰᠢᠯᠭᠠᠯᠳᠠ ᠶᠢᠨ ᠦᠷ᠎ᠡ ᠳ᠋ᠦᠩ ᠳ᠋ᠤ ᠦᠨᠳᠦᠰᠦᠯᠡᠪᠡᠯ᠂ ᠤᠳᠤᠬᠠᠨ ᠳᠤ ᠮᠠᠨ ᠤ ᠤᠯᠤᠰ ᠤᠨ ᠲᠤᠯᠤᠳᠤᠭᠠᠷ ᠶᠡᠬᠡ ᠡᠯᠡᠰᠦᠨ ᠴᠦᠯ -- ᠬᠦᠪᠴᠢ ᠡᠯᠡᠰᠦᠨ ᠴᠦᠯ ᠤᠨ ᠲᠡᠯᠡᠯᠳᠡ ᠶᠢᠨ ᠬᠡᠮᠵᠢᠶ᠎ᠠ ᠪᠦᠳᠦᠮᠵᠢᠲᠡᠢ ᠬᠢᠵᠠᠭᠠᠷᠯᠠᠭᠳᠠᠨ᠂ ᠵᠠᠰᠠᠭᠳᠠᠭᠰᠠᠨ ᠨᠤᠷᠮ᠎ᠠ 25% ᠳ᠋ᠤ ᠬᠦᠷᠴᠦ᠂ ᠠᠮᠢ ᠠᠬᠤᠢ ᠶᠢᠨ ᠪᠠᠶᠢᠳᠠᠯ 《 ᠡᠯᠡᠰᠦ ᠲᠦᠷᠢᠵᠤ ᠬᠦᠮᠦᠨ ᠤᠬᠤᠷᠢᠳᠠᠭ》 ᠪᠠᠶᠢᠭᠰᠠᠨ ᠡᠴᠡ 《ᠡᠯᠡᠰᠦ ᠤᠬᠤᠷᠢᠵᠤ ᠬᠦᠮᠦᠨ ᠲᠦᠷᠢᠬᠦ》ᠲᠡᠤᠬᠡᠳᠤ ᠴᠢᠨᠠᠷᠳᠠᠢ ᠬᠤᠪᠢᠷᠠᠯᠳᠠ ᠶᠢ ᠪᠡᠶᠡᠯᠡᠬᠦᠯᠦᠭᠰᠡᠨ ᠪᠠᠶᠢᠨ᠎ᠠ᠃

    ᠬᠦᠪᠴᠢ ᠡᠯᠡᠰᠦᠨ ᠴᠦᠯ ᠪᠤᠯ ᠪᠡᠬᠡᠵᠢᠩ ᠡᠴᠡ ᠬᠠᠮᠤᠭ ᠤᠨ ᠤᠶᠢᠷᠠᠬᠠᠨ ᠡᠯᠡᠰᠦᠨ ᠴᠦᠯ ᠪᠤᠯᠤᠨ᠎ᠠ᠂ ᠶᠡᠷᠦᠩᠬᠡᠢ ᠲᠠᠯᠠᠪᠠᠢ 2115.67 ᠲᠦᠮᠡᠨ ᠮᠤ᠂ ᠨᠡᠬᠦᠳᠡᠯ ᠡᠯᠡᠰᠦᠨ ᠲᠤᠪᠤ 799.3 ᠲᠦᠮᠡᠨ ᠮᠤ ᠪᠠᠶᠢᠵᠤ᠂ ᠦᠪᠦᠷ ᠮᠤᠩᠭ᠋ᠤᠯ ᠤᠨ ᠤᠷᠳᠤᠰ ᠬᠤᠳᠠ ᠶᠢᠨ ᠬᠠᠩᠬᠢᠨ ᠬᠤᠰᠢᠭᠤ᠂ ᠲᠠᠯᠠᠳ ᠬᠤᠰᠢᠭᠤ ᠬᠢᠬᠡᠳ ᠵᠡᠬᠦᠨᠭᠠᠷ ᠬᠤᠰᠢᠭᠤ ᠵᠡᠷᠬᠡ ᠪᠡᠷ ᠬᠦᠨᠳᠡᠯᠡᠨ ᠲᠤᠭᠤᠯᠵᠤ᠂ ᠨᠦᠯᠦᠬᠡᠯᠡᠭᠳᠡᠭᠰᠡᠨ ᠬᠦᠮᠦᠨ ᠠᠮᠠ ᠬᠡᠳᠤᠨ ᠠᠷᠪᠠᠨ ᠲᠦᠮᠡ ᠰᠢᠬᠠᠮ ᠪᠤᠯᠤᠭᠰᠠᠨ ᠪᠠᠶᠢᠨ᠎ᠠ᠃

    《ᠬᠤᠷᠢ ᠭᠤᠴᠢᠭᠠᠳ ᠤᠨ ᠤ ᠦᠶ᠎ᠡ ᠪᠡᠷ᠂ ᠠᠯᠢ ᠵᠦᠭ᠌ ᠡᠴᠡ ᠨᠢ ᠬᠠᠷᠠᠬᠤᠶ᠎ᠠ ᠬᠠᠷᠠᠭ᠎ᠠ ᠠᠯᠳᠠᠮ᠎ᠠ ᠡᠯᠡᠰᠦᠨ ᠲᠠᠯᠠᠢ᠂ ᠬᠦᠮᠦᠨ ᠢ ᠭᠤᠷᠢ ᠲᠠᠰᠤᠷᠠᠭᠤᠯᠤᠮ᠎ᠠ ᠪᠠᠶᠢᠭᠰᠠᠨ》ᠬᠡᠵᠤ ᠬᠠᠩᠬᠢᠨ ᠬᠤᠰᠢᠭᠤᠨ ᠤ ᠲᠤᠭᠤᠶ ᠲᠠᠯ᠎ᠠ ᠪᠠᠯᠭᠠᠰᠤᠨ ᠤ ᠲᠠᠭᠤᠳᠤ ᠭᠠᠴᠠᠭᠠᠨ ᠤ ᠮᠤᠩᠭ᠋ᠤᠯ ᠦᠨᠳᠦᠰᠦᠳᠡᠨ ᠤ 68 ᠨᠠᠰᠤᠳᠠᠢ ᠮᠠᠯᠴᠢᠨ ᠴᠸᠨ ᠨᠢᠩᠪᠦ ᠶᠠᠷᠢᠯ᠎ᠠ᠃ ᠲᠡᠷᠡ᠄《 ᠤᠤᠯ ᠳᠤ ᠪᠡᠨ ᠡᠷᠦᠬᠡ ᠪᠦᠷᠢ ᠤᠯᠠᠨ ᠳ᠋ᠠᠭᠠᠨ ᠵᠢᠯ ᠳᠤ ᠬᠤᠶᠠᠷᠬᠠᠨ ᠤᠳᠠᠭ᠎ᠠ ᠪᠠᠯᠭᠠᠰᠤᠨ ᠳᠤ ᠤᠴᠢᠳᠠᠭ ᠪᠠᠶᠢᠭᠰᠠᠨ᠂ ᠤᠳᠠᠭ᠎ᠠ ᠪᠦᠷᠢ ᠬᠠᠭᠠᠰ ᠵᠢᠯ ᠤᠨ ᠵᠠᠷᠤᠳᠠᠯ ᠤᠨ ᠶᠠᠭᠤᠮ᠎ᠠ᠎ ᠪᠡᠨ ᠬᠤᠳᠠᠯᠳᠤᠨ ᠠᠪᠴᠢᠷᠠᠳᠠᠭ᠂ ᠤᠴᠢᠷ ᠨᠢ ᠡᠯᠡᠰᠦ ᠲᠤᠭᠤᠯᠬᠤ ᠬᠡᠳᠡᠭ ᠨᠢ ᠬᠢᠯᠪᠠᠷ ᠶᠠᠪᠤᠳᠠᠯ ᠪᠢᠰᠢ ᠪᠠᠢᠢᠯ᠎ᠠ᠂ ᠠᠯᠬᠤᠬᠤ ᠪᠠ ᠲᠡᠮᠡᠬᠡ ᠤᠨᠤᠬᠤ ᠲᠡᠢ ᠪᠠᠨ ᠨᠡᠢᠢᠯᠡᠭᠡᠳ 11 ᠴᠠᠭ ᠭᠠᠷᠤᠢ ᠵᠠᠷᠤᠴᠠᠭᠤᠯᠳᠠᠭ ᠪᠠᠶᠢᠭᠰᠠᠨ᠃ ᠪᠠᠰᠠ ᠨᠢᠬᠡ ᠤᠳᠠᠭ᠎ᠠ ᠨᠢᠬᠡ ᠠᠶᠢᠯ ᠤᠨ ᠪᠦᠰᠡᠭᠦᠢ ᠬᠦᠩᠬᠡᠵᠢᠬᠦ ᠪᠤᠯᠤᠭᠠᠳ ᠪᠠᠯᠭᠠᠰᠤᠨ ᠤ ᠡᠮᠨᠡᠯᠬᠡ ᠶᠢᠨ ᠬᠤᠷᠢᠶᠠᠨ ᠳᠤ ᠤᠴᠢᠬᠤ ᠵᠠᠮ ᠳᠤ ᠪᠠᠨ ᠭᠡᠪᠡᠯᠢ ᠳ᠋ᠡᠬᠢ ᠬᠡᠦᠬᠡᠳ ᠲᠡᠢ ᠪᠠᠨ ᠡᠯᠡᠰᠦᠨ ᠳ᠋ᠦ ᠠᠮᠢ ᠪᠡᠨ ᠠᠯᠳᠠᠵᠠᠢ ᠁》 ᠬᠡᠵᠤ ᠡᠷᠬᠢᠴᠡᠬᠦᠯᠵᠤ ᠶᠠᠷᠢᠯ᠎ᠠ᠃

    ᠤᠳᠤ ᠬᠦᠪᠴᠢ ᠡᠯᠡᠰᠦᠨ ᠴᠦᠯ ᠯᠤᠳᠤ ᠶᠡᠬᠡ ᠬᠤᠪᠢᠷᠠᠯᠳᠠ ᠲᠡᠢ ᠪᠤᠯᠵᠠᠢ᠃ ᠡᠯᠡᠰᠦ ᠶᠢ ᠲᠤᠭᠤᠯᠬᠤ ᠵᠠᠰᠠᠮᠠᠯ ᠵᠠᠮ ᠡᠯᠡᠰᠦᠨ ᠴᠦᠯ ᠤᠨ ᠦᠷᠤᠴᠠᠨ ᠳᠤ ᠬᠦᠨᠳᠡᠯᠡᠨ ᠭᠤᠯᠳᠤ ᠰᠦᠯᠵᠢᠯᠳᠤᠨ᠂ ᠵᠠᠮ ᠲᠠᠭᠠᠤ ᠴᠡᠯ ᠨᠤᠭᠤᠭᠠᠨ ᠭᠠᠪᠤᠷ ᠤᠨ ᠮᠤᠳᠤ ᠵᠢᠭᠳᠡᠷᠡᠨ᠂ ᠲᠡᠷᠳᠡᠬᠡ ᠬᠤᠯᠠ ᠳ᠋ᠡᠬᠢ ᠤᠳᠠ᠂ ᠤᠯᠢᠶᠠᠰᠤ᠂ ᠰᠢᠬᠢᠷ ᠡᠪᠡᠰᠦ ᠵᠡᠷᠬᠡ ᠤᠷᠭᠤᠮᠠᠯ ᠤᠳ ᠡᠯᠡᠰᠦ ᠶᠢ ᠲᠠᠷᠤᠵᠦ ᠡᠯᠡᠰᠦᠨ ᠲᠤᠪᠤ  ᠳᠤ ᠨᠤᠭᠤᠭᠠᠨ ᠲᠠᠪᠠᠯᠭᠠᠨ ᠬᠠᠶᠠᠯᠠᠨ᠎ᠠ ᠃

    ᠤᠷᠴᠢᠮ ᠤᠨ ᠵᠢᠯ ᠤᠳ ᠲᠤ᠂ ᠤᠷᠳᠤᠰ ᠬᠤᠳᠠ ᠬᠦᠪᠴᠢ ᠡᠯᠡᠰᠦᠨ ᠴᠦᠯ ᠢ ᠵᠠᠰᠠᠬᠤ ᠶᠢ ᠠᠮᠢ ᠠᠬᠤᠢ ᠶᠢᠨ ᠭᠤᠤᠯᠳᠠᠯᠭᠠᠳᠤ ᠪᠦᠳᠦᠬᠡᠨ ᠪᠠᠶᠢᠭᠤᠯᠤᠯᠳᠠ ᠬᠢᠬᠡᠳ ᠠᠮᠢᠵᠢᠷᠠᠭᠠᠨ ᠤ ᠢᠨᠵᠸᠨ᠋ᠸᠷᠢᠩ ᠪᠤᠯᠭᠠᠭᠰᠠᠨ ᠢᠶᠡᠷ ᠡᠯᠡᠰᠦᠨ ᠴᠦᠯ ᠤᠨ ᠠᠮᠢ ᠠᠬᠤᠢ ᠶᠢᠨ ᠤᠷᠴᠢᠨ ᠲᠤᠭᠤᠷᠢᠨ ᠡᠳᠦᠷ ᠢᠷᠡᠬᠦᠶ᠎ᠡ ᠰᠠᠶᠢᠵᠢᠷᠠᠵᠠᠢ᠃ ᠡᠯᠡᠰᠦ ᠶᠢ ᠵᠠᠰᠠᠬᠤ ᠶᠠᠪᠤᠴᠠ ᠳᠤ᠂ ᠲᠤᠬᠠᠢ ᠶᠢᠨ ᠭᠠᠵᠠᠷ ᠲᠤ ᠪᠠᠶᠢᠭᠠᠯᠢᠯᠢᠬ ᠤᠢ ᠶᠢ ᠬᠠᠮᠠᠭᠠᠯᠠᠬᠤ᠂ ᠲᠠᠷᠢᠶᠠᠯᠠᠬᠤ ᠪᠡᠨ ᠵᠤᠭᠰᠤᠭᠠᠨ ᠤᠶᠢᠵᠢᠭᠤᠯᠬᠤ᠂ 《ᠭᠤᠷᠪᠠᠨ ᠤᠮᠠᠷᠠᠳᠤ》 ᠶᠢᠨ ᠬᠠᠯᠬᠠᠪᠴᠢ ᠤᠢ᠂ ᠪᠡᠬᠡᠵᠢᠩ ᠲᠢᠶᠠᠨᠵᠢᠨ ᠤ ᠰᠢᠷᠤᠶ ᠰᠢᠭᠤᠷᠭᠠᠨ ᠤ ᠡᠬᠢ ᠶᠢ ᠵᠠᠰᠠᠬᠤ ᠬᠤᠶᠠᠳᠡᠬᠢ ᠡᠬᠡᠯᠵᠢ ᠶᠢᠨ ᠲᠦᠰᠦᠯ᠂ ᠪᠢᠳᠡᠬᠦᠮᠵᠢᠯᠡᠬᠦ ᠬᠤᠷᠢᠭᠯᠠᠬᠤ ᠬᠠᠮᠠᠭᠠᠯᠠᠯᠳᠠ ᠶᠢᠨ ᠲᠤᠷᠰᠢᠯᠳᠠ ᠶᠢᠨ ᠴᠡᠭ ᠵᠡᠷᠬᠡ ᠤᠯᠤᠰ ᠤᠨ ᠤᠢ ᠰᠢᠭᠤᠢ ᠶᠢᠨ ᠲᠤᠪᠴᠢᠶᠠᠨ ᠤ ᠭᠤᠤᠯᠳᠠᠯᠭᠠᠳᠤ ᠢᠨᠵᠢᠸᠨ᠋ᠷᠢᠩ ᠢ ᠪᠦᠬᠦ ᠲᠠᠯ᠎ᠠ ᠪᠡᠷ ᠠᠬᠢᠭᠤᠯᠤᠭᠰᠠᠨ ᠪᠠᠶᠢᠨ᠎ᠠ᠃ 《ᠠᠮᠢᠳᠤ ᠮᠤᠳᠤ ᠬᠤᠳᠠᠯᠳᠤᠨ ᠠᠪᠬᠤ》 ᠮᠡᠳᠦ ᠠᠯᠪᠠᠳᠠᠯᠭ᠎ᠠ᠎ ᠶᠢᠨ ᠴᠢᠨᠠᠷᠳᠠᠢ ᠲᠤᠭᠳᠠᠯᠴᠠᠭ᠎ᠠ ᠬᠢᠬᠡᠳ 《ᠤᠶᠢᠵᠢᠭᠤᠯᠪᠠᠯ ᠨᠦᠬᠦᠪᠦᠷᠢ ᠤᠯᠭᠤᠬᠤ》᠂ 《ᠱᠠᠩᠨᠠᠯ ᠢᠶᠡᠷ ᠬᠦᠷᠦᠩᠬᠡ ᠤᠷᠤᠭᠤᠯᠬᠤ ᠶᠢ ᠤᠷᠤᠯᠠᠭᠤᠯᠬᠤ》 ᠵᠡᠷᠬᠡ ᠤᠷᠮᠠᠰᠢᠭᠤᠯᠬᠤ ᠲᠤᠭᠳᠠᠯᠴᠠᠭ᠎ᠠ ᠶᠢ ᠲᠤᠭᠳᠠᠭᠠᠵᠤ᠂ ᠨᠡᠶᠢᠬᠡᠮ ᠤᠨ ᠡᠯ᠎ᠡ ᠡᠳᠡᠬᠡᠳ ᠦᠷᠬᠡᠨ ᠢᠶᠡᠷ ᠤᠷᠤᠯᠴᠠᠭᠰᠠᠨ᠂ ᠤᠯᠤᠰ᠂ ᠤᠷᠤᠨ ᠨᠤᠳᠤᠭ᠂ ᠠᠵᠤ ᠠᠬᠤᠶᠢᠯᠠᠯ᠂ ᠬᠤᠪᠢ ᠬᠦᠮᠦᠨ ᠵᠡᠷᠬᠡ ᠶᠢᠨ ᠤᠯᠠᠨ ᠡᠰᠢᠴᠢᠯᠡᠭᠰᠡᠨ ᠬᠦᠷᠦᠩᠬᠡ ᠤᠷᠤᠭᠤᠯᠤᠯᠳᠠ ᠪᠦᠬᠦᠢ ᠡᠯᠡᠰᠦ ᠶᠢ ᠬᠤᠷᠢᠭᠯᠠᠨ ᠡᠯᠡᠰᠦ ᠶᠢ ᠵᠠᠰᠠᠬᠤ ᠪᠦᠳᠦᠴᠡ ᠶᠢ ᠪᠦᠷᠢᠯᠳᠦᠬᠦᠯᠵᠠᠢ᠃

    ᠵᠤᠨ ᠤ ᠠᠭᠠᠬᠢᠮ᠎ᠠ᠎ ᠬᠠᠯᠠᠭᠤᠨ ᠳᠤ᠂ ᠲᠤᠭᠤᠢ ᠲᠠᠯ᠎ᠠ ᠪᠠᠯᠭᠠᠰᠤᠨ ᠤ ᠵᠢᠶᠸ ᠹᠠᠩ ᠲᠤᠰᠬᠤᠨ ᠤ 46 ᠨᠠᠰᠤᠳᠠᠢ ᠢᠷᠭᠡᠨ ᠵᠠᠩ ᠰᠢ ᠸᠠᠩ ᠪᠤᠰᠤᠳ ᠠᠵᠢᠯᠳᠠᠳ ᠲᠠᠢ ᠪᠠᠨ ᠬᠠᠮᠳᠤ ᠤᠳᠠ ᠮᠤᠳᠤ ᠪᠠᠨ ᠤᠰᠤᠯᠠᠵᠤ ᠪᠤᠢ᠃ ᠲᠡᠷᠡᠪᠡᠷ ᠤᠯᠤᠰ ᠤᠨ ᠵᠡᠷᠬᠡᠯᠡᠯ ᠤᠨ ᠬᠦᠪᠴᠢ ᠡᠯᠡᠰᠦᠨ ᠴᠦᠯ ᠤᠨ ᠴᠡᠴᠡᠷᠯᠢᠭ᠌᠌ ᠤᠨ ᠡᠯᠡᠰᠦ ᠶᠢ ᠵᠠᠰᠠᠬᠤ ᠬᠤᠯᠪᠤᠭᠠᠳᠤ ᠪᠠᠭ ᠤᠨ ᠠᠵᠢᠯᠴᠢᠳ ᠤᠨ ᠠᠬᠠᠯᠠᠭᠴᠢ᠂ ᠦᠨᠦ ᠵᠢᠯ ᠲᠡᠷᠡ 50 ᠭᠠᠷᠤᠢ ᠠᠵᠢᠯᠴᠢᠳ ᠢ ᠲᠠᠭᠠᠭᠤᠯᠤᠨ ᠢᠯᠢ ᠡᠬᠢ ᠪᠠᠶᠠᠯᠢᠭ ᠪᠦᠯᠦᠭᠯᠡᠯ ᠺᠤᠮᠫᠠᠨᠢ ᠶᠢᠨ 300 ᠭᠠᠷᠤᠢ ᠮᠤ ᠰᠢᠬᠢᠷ ᠡᠪᠡᠰᠦ ᠪᠠ 500 ᠮᠤ ᠡᠯᠡᠰᠦᠨ ᠪᠤᠷᠭᠠᠰᠤ ᠲᠠᠷᠢᠬᠤ᠂ ᠤᠰᠤᠯᠠᠬᠤ ᠠᠷᠠᠴᠢᠯᠠᠬᠤ ᠠᠵᠢᠯ ᠢ ᠲᠠᠭᠠᠭᠠᠴᠢᠯᠠᠵᠠᠢ᠃ 1 ᠮᠤ ᠴᠢᠬᠢ ᠮᠤᠳᠤ ᠲᠠᠷᠢᠪᠠᠯ ᠬᠤᠯᠪᠤᠭᠠᠳᠤ ᠪᠠᠭ ᠤᠨ ᠬᠢᠨ 100 ᠲᠦᠬᠦᠷᠢᠭ᠌᠌ ᠤᠯᠤᠨ᠎ᠠ᠎᠂ 1 ᠮᠤ ᠮᠤᠳᠤ ᠤᠰᠤᠯᠠᠪᠠᠯ 50 ᠲᠦᠬᠦᠷᠢᠭ᠌ ᠤᠯᠵᠤ᠂ 1 ᠮᠤ ᠡᠪᠡᠰᠦ ᠵᠤᠯᠭᠠᠭᠠᠪᠠᠯ 70 ᠲᠦᠬᠦᠷᠢᠭ᠌᠌ ᠤᠯᠤᠨ᠎ᠠ᠃ 《ᠦᠩᠬᠡᠷᠡᠭᠰᠡᠨ ᠳᠤ ᠨᠢᠬᠡ ᠰᠦᠨᠢ ᠰᠠᠯᠬᠢᠯᠠᠪᠠᠯ ᠮᠠᠷᠭᠠᠰᠢ ᠨᠢ ᠡᠬᠦᠳᠡ ᠪᠡᠨ ᠨᠡᠬᠡᠬᠡᠵᠤ ᠲᠡᠶᠢᠯᠬᠦ ᠪᠡᠨ ᠪᠤᠯᠳᠠᠭ᠂ ᠤᠳᠤ ᠡᠯᠡᠰᠦ ᠪᠢᠳᠡᠨ ᠤ ᠡᠳᠦᠷ ᠲᠤᠳᠤᠮ ᠤᠨ ᠠᠮᠢᠳᠤᠷᠠᠯ ᠢ ᠨᠦᠯᠦᠬᠡᠯᠡᠵᠤ ᠴᠢᠳᠠᠬᠤ ᠦᠬᠡᠢ ᠪᠤᠯᠤᠬᠰᠠᠨ ᠪᠦᠭᠡᠳ ᠪᠠᠰᠠ ᠢᠷᠭᠡᠳ ᠲᠤ ᠮᠦᠩᠬᠦ ᠤᠯᠬᠤ ᠵᠠᠮ ᠬᠠᠩᠭ᠋ᠠᠭᠰᠠᠨ》 ᠬᠡᠵᠤ ᠲᠡᠷᠡᠪᠡᠷ ᠪᠠᠶᠠᠷᠳᠠᠢ ᠶᠠᠷᠢᠨ᠎ᠠ᠃

    ᠤᠳᠤᠬᠠᠨ ᠳᠤ᠂ ᠬᠦᠪᠴᠢ ᠡᠯᠡᠰᠦᠨ ᠴᠦᠯ ᠤᠨ ᠵᠢᠭᠤᠯᠴᠢᠯᠠᠯ ᠤᠨ ᠠᠵᠤ ᠦᠢᠯᠡᠰ ᠦᠳᠳᠡᠷ ᠲᠦᠷᠬᠡᠨ ᠬᠦᠭ᠍ᠵ᠍᠍ᠢᠵᠤ᠂ ᠰᠢᠶᠠᠩᠭ᠋ᠠᠩ᠂ ᠠᠨᠾᠦ᠋ᠢ ᠵᠡᠷᠬᠡ ᠭᠠᠵᠠᠷ ᠡᠴᠡ ᠢᠷᠡᠭᠰᠡᠨ ᠵᠢᠭᠤᠯᠴᠢᠳ ᠲᠠᠰᠤᠷᠠᠯᠳᠠ ᠦᠬᠡᠢ ᠴᠤᠪᠤᠷᠠᠯᠳᠤᠨ᠎ᠠ᠃ ᠬᠠᠩᠬᠢᠨ ᠬᠤᠰᠢᠭᠤ᠂ ᠲᠠᠯᠠᠳ ᠬᠤᠰᠢᠭᠤᠨ ᠤ ᠮᠠᠯᠴᠢᠨ ᠲᠠᠷᠢᠶᠠᠴᠢᠳ ᠬᠡᠷ ᠪᠦᠯᠢ ᠶᠢᠨ ᠪᠠᠭᠤᠳᠠᠯ᠂ ᠬᠤᠭᠤᠯᠠ ᠤᠮᠳᠠ᠂ ᠦᠨᠳᠦᠰᠦᠳᠡᠨ ᠤ ᠭᠠᠷ ᠤᠷᠠᠯᠠᠯ ᠤᠨ ᠦᠢᠯᠡᠰ᠂ ᠡᠯᠡᠰᠦᠨ ᠴᠦᠯ ᠤᠨ ᠮᠠᠰᠢᠨ ᠲᠡᠷᠬᠡᠨ ᠤ ᠤᠷᠤᠯᠳᠤᠭᠠᠨ ᠵᠡᠷᠬᠡ ᠦᠢᠯᠡᠴᠢᠯᠡᠬᠡᠨ ᠤ ᠦᠢᠯᠡᠰ ᠢ ᠬᠦᠭ᠍ᠵᠢᠬᠦᠯᠵᠤ᠂ ᠵᠠᠷᠢᠮ ᠡᠷᠦᠬᠡ ᠶᠢᠨ ᠵᠢᠯ ᠤᠨ ᠤᠷᠤᠯᠭ᠎ᠠ 10 ᠲᠦᠮᠡᠡ ᠲᠦᠬᠦᠷᠢᠭ᠌᠌ ᠢ ᠲᠠᠪᠠᠭᠰᠠᠨ ᠪᠠᠶᠢᠨ᠎ᠠ᠃ ᠠᠵᠤ ᠦᠢᠯᠡᠰ ᠤᠨ ᠬᠦᠭ᠍ᠵᠢᠯᠳᠡ᠂ ᠠᠵᠠ ᠲᠤᠬᠢᠶᠠᠯ ᠤᠨ ᠨᠡᠮᠡᠭᠳᠡᠯ ᠢᠶᠡᠷ ᠭᠠᠳᠠᠭᠰᠢ ᠭᠠᠷᠴᠤ ᠬᠦᠯᠦᠰᠦᠨ ᠠᠵᠢᠯ ᠬᠢᠵᠤ ᠪᠠᠶᠢᠭᠰᠠᠨ ᠮᠠᠯᠴᠢᠨ ᠲᠠᠷᠢᠶᠠᠴᠢᠳ ᠬᠤᠶᠢᠨ᠎ᠠ ᠬᠤᠶᠢᠨ᠎ᠠ ᠡᠴᠡ ᠪᠡᠨ ᠨᠤᠳᠤᠭ ᠪᠤᠴᠠᠵᠤ ᠦᠢᠯᠡᠰ ᠪᠤᠰᠬᠠᠵᠠᠢ᠃

    39 ᠨᠠᠰᠤᠲᠠᠢ ᠮᠤᠩᠭ᠋ᠤᠯ ᠮᠠᠯᠴᠢᠨ ᠮᠦᠩᠬᠡᠳᠠᠯᠠᠢ ᠤᠤᠯ ᠳᠤ ᠪᠡᠨ ᠮᠠᠯ ᠬᠠᠷᠢᠭᠤᠯᠵᠤ ᠠᠮᠢᠳᠤᠷᠠᠳᠠᠭ ᠪᠠᠶᠢᠭᠰᠠᠨ᠂ ᠬᠡᠷ ᠤᠨ ᠭᠤᠷᠪᠠᠭᠤᠯᠠ ᠪᠡᠨ ᠵᠢᠯ ᠳᠤ ᠪᠠᠨ ᠵᠦᠪᠬᠡᠨ ᠲᠦᠮᠡᠡ ᠲᠦᠬᠦᠷᠢᠭ᠌᠌ ᠤᠨ ᠤᠷᠤᠯᠭ᠎ᠠ ᠲᠠᠢ᠂ ᠠᠮᠢᠳᠤᠷᠠᠯ ᠨᠢ ᠲᠤᠶᠢᠯ ᠤᠨ ᠬᠦᠴᠢᠷᠳᠡᠯᠳᠠᠢ ᠪᠠᠶᠢᠭᠰᠠᠨ ᠪᠢᠯᠡ᠃ ᠬᠠᠩᠬᠢᠨ ᠬᠤᠰᠢᠭᠤᠨ ᠤ ᠡᠯᠡᠰᠦᠨ ᠴᠦᠯ ᠤᠨ ᠠᠶᠠᠯᠠᠯ ᠵᠢᠭᠤᠯᠴᠢᠯᠠᠯ ᠤᠨ ᠬᠦᠭ᠍ᠵᠢᠯᠳᠡ ᠶᠢ ᠲᠠᠭᠠᠯᠳᠤᠨ᠂ 2006 ᠤᠨ ᠡᠴᠡ ᠡᠬᠢᠯᠡᠨ ᠲᠡᠷᠡ ᠬᠦᠷᠢᠶᠡᠨ ᠳᠤ ᠪᠡᠨ ᠤᠷᠢᠳ ᠬᠤᠵᠢᠳ 3 ᠮᠤᠩᠭ᠋ᠤᠯ ᠬᠡᠷ ᠪᠤᠰᠬᠠᠵᠤ᠂ ᠵᠢᠭᠤᠯᠴᠢᠳ ᠲᠤ ᠢᠳᠡᠵᠤ ᠤᠤᠭᠤᠬᠤ ᠬᠢᠬᠡᠳ ᠬᠤᠨᠤᠵᠤ ᠬᠡᠪᠳᠡᠬᠦ ᠨᠦᠬᠦᠴᠡᠯ ᠬᠠᠩᠭ᠋ᠠᠵᠠᠢ᠃ ᠤᠳᠤ ᠵᠢᠭᠤᠯᠴᠢᠯᠠᠯ ᠤᠨ ᠢᠳᠡ ᠤᠯᠠᠷᠢᠯ ᠪᠤᠯᠤᠭᠰᠠᠭᠠᠷ᠂ ᠲᠡᠳᠡᠨ ᠤ ᠬᠢᠨ ᠬᠦᠯ ᠬᠦᠭ᠍ᠵᠢᠶᠡᠨ ᠲᠠᠢ ᠪᠤᠯᠳᠠᠭ᠃ 《ᠤᠳᠤ ᠵᠢᠯ ᠤᠨ ᠴᠡᠪᠡᠷ ᠤᠷᠤᠯᠭ᠎ᠠ 10 ᠲᠦᠮᠡ ᠭᠠᠷᠤᠢ ᠲᠦᠬᠦᠷᠢᠭ᠌᠌ ᠲᠤ ᠬᠦᠷᠴᠦ ᠪᠠᠶᠢᠨ᠎ᠠ᠂ ᠶᠠᠭᠤ ᠴᠤ ᠬᠡᠰᠡᠨ ᠠᠮᠢᠳᠤᠷᠠᠯ ᠮᠠᠨᠢ ᠰᠠᠶᠢᠵᠢᠷᠠᠭᠰᠠᠨ》ᠬᠡᠵᠤ ᠮᠦᠩᠬᠡᠳᠠᠯᠠᠢ ᠬᠠᠨᠤᠮᠵᠢᠳᠠᠢ ᠶᠠᠷᠢᠵᠤ ᠪᠠᠶᠢᠯ᠎ᠠ᠃

    ᠤᠯᠤᠰ ᠲᠠᠶᠠᠭᠠᠷ ᠤᠨ ᠲᠠᠪᠤᠳᠤᠭᠠᠷ ᠤᠳᠠᠭᠠᠨ   ᠤ ᠡᠯᠡᠰᠦᠵᠢᠯ ᠬᠢᠬᠡᠳ ᠴᠦᠯᠵᠢᠯ ᠤᠨ ᠦᠷ᠎ᠡ ᠳ᠋ᠦᠩ ᠢ ᠲᠦᠷᠪᠡᠳᠦᠭᠡᠷ ᠤᠳᠠᠭᠠᠨ ᠤ ᠬᠢ ᠲᠠᠢ ᠬᠠᠷᠢᠴᠠᠭᠤᠯᠪᠠᠯ᠂ ᠲᠠᠪᠤᠨ ᠵᠢᠯ ᠤᠨ ᠬᠤᠭᠤᠴᠠᠭᠠᠨ ᠳᠤ ᠬᠦᠪᠴᠢ ᠡᠯᠡᠰᠦᠨ ᠴᠦᠯ ᠤᠨ ᠨᠡᠬᠦᠳᠡᠯ ᠡᠯᠡᠰᠦᠨ ᠲᠤᠪᠤ ᠶᠢᠨ ᠲᠠᠯᠠᠪᠠᠢ 49 ᠲᠦᠮᠡᠨ ᠮᠤ ᠪᠠᠭᠠᠰᠴᠤ᠂ ᠬᠦᠨᠳᠦ ᠨᠤᠴᠢᠳᠠᠢ ᠪᠠ ᠮᠠᠰᠢ ᠬᠦᠨᠳᠦ ᠨᠤᠴᠢᠳᠠᠢ ᠡᠯᠡᠰᠦᠵᠢᠯ ᠤᠨ ᠭᠠᠵᠠᠷ 114.7 ᠲᠦᠮᠡᠨ ᠮᠤ ᠪᠠᠭᠠᠰᠤᠭᠰᠠᠨ ᠪᠠᠶᠢᠨ᠎ᠠ᠃ ᠵᠠᠷᠢᠮ ᠪᠦᠰᠡ ᠨᠤᠳᠤᠭ ᠲᠤ ᠠᠮᠢ ᠠᠬᠤᠢ ᠶᠢᠨ ᠪᠠᠭ᠎ᠠ ᠠᠭᠤᠷ ᠠᠮᠢᠰᠬᠤᠯ ᠪᠦᠷᠢᠳᠤᠨ᠂ ᠮᠠᠯᠴᠢᠨ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠤᠨ ᠨᠦᠭᠦᠴᠡᠯ ᠶᠡᠬᠡ ᠪᠡᠷ ᠰᠠᠶᠢᠵᠢᠷᠠᠵᠠᠢ᠃ ᠰᠢᠨ᠎ᠡ ᠨᠢᠬᠡ ᠡᠬᠡᠯᠵᠢ ᠶᠢᠨ ᠡᠯᠡᠰᠦ ᠶᠢ ᠵᠠᠰᠠᠬᠤ ᠠᠵᠢᠯ ᠡᠬᠢᠯᠡᠬᠦ ᠶᠢ ᠲᠠᠭᠠᠯᠳᠤᠨ᠂ ᠨᠡᠩ ᠤᠯᠠᠨ ᠢᠷᠭᠡᠳ ᠠᠮᠢ ᠠᠬᠤᠢ ᠶᠢᠨ ᠪᠤᠳᠦᠬᠡᠨ ᠪᠠᠶᠢᠭᠤᠯᠤᠯᠳᠠ ᠡᠴᠡ ᠠᠰᠢᠭ ᠬᠦᠷᠳᠡᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121481536