蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ ᠴᠥᠩᠬᠦᠯ ᠤᠨ ᠭᠤᠤ ᠤᠯᠤᠰ ᠤᠨ ᠵᠡᠷᠬᠡᠯᠡᠯ ᠤᠨ ᠵᠢᠭᠤᠯᠴᠢᠯᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ ᠲᠤᠷᠰᠢᠯᠲᠠ ᠶᠢᠨ ᠴᠢᠬ ᠪᠤᠯᠪᠠ

2017-08-14 17:26

    ᠦᠪᠦᠷ ᠮᠤᠩᠭᠤᠯ ᠤᠨ ᠲᠥᠩᠯᠢᠶᠤᠤ ᠬᠤᠲᠠ ᠶᠢᠨ ᠬᠤᠷᠴᠢᠨ ᠵᠡᠭᠦᠨ ᠭᠠᠷᠤᠨ ᠬᠤᠶᠢᠳᠤ ᠬᠤᠰᠢᠭᠤᠨ ᠳᠤ ᠪᠠᠶᠢᠷᠢᠯᠠᠭ᠎ᠠ ᠴᠥᠩᠬᠦᠯ ᠤᠨ ᠭᠤᠤ ᠶᠢ ᠤᠯᠤᠰ ᠤᠨ ᠵᠡᠷᠬᠡᠯᠡᠯ ᠤᠨ ᠵᠢᠭᠤᠯᠴᠢᠯᠠᠯ ᠤᠨ ᠥᠢᠯᠡᠴᠢᠯᠡᠭᠡ ᠶᠢ ᠪᠠᠷᠢᠮᠵᠢᠶᠠᠵᠢᠭᠤᠯᠬᠤ ᠲᠤᠷᠰᠢᠯᠲᠠ ᠶᠢᠨ ᠴᠢᠬ ᠪᠤᠯᠭᠠᠬᠤ ᠪᠡᠷ ᠡᠷᠬᠦᠨ ᠭᠤᠶᠤᠴᠢᠯᠠᠭᠠᠳ᠂ ᠦᠢᠷ᠎ᠠ ᠶᠢᠨ ᠡᠳᠦᠷ ᠤᠯᠤᠰ ᠤᠨ ᠪᠠᠷᠢᠮᠵᠢᠶᠠᠵᠢᠭᠤᠯᠬᠤ ᠶᠢ ᠬᠠᠮᠢᠶᠠᠷᠬᠤ ᠵᠥᠪᠯᠡᠯ ᠤᠨ ᠮᠡᠷᠭᠡᠵᠢᠯᠲᠠᠳ ᠤᠨ ᠪᠠᠭ ᠤᠨ ᠬᠢᠨᠠᠨ ᠰᠢᠯᠭᠠᠯᠲᠠ ᠶᠢ ᠥᠩᠭᠡᠷᠡᠭᠡᠭ᠍ᠰᠡᠨ ᠪᠠᠶᠢᠨ᠎ᠠ᠃

    ᠬᠢᠨᠡᠨ ᠰᠢᠯᠭᠠᠬᠤ ᠬᠤᠭᠤᠴᠠᠭᠠᠨ ᠳᠤ᠂ ᠬᠢᠨᠠᠨ ᠰᠢᠯᠭᠠᠬᠤ ᠪᠠᠭ ᠤᠨ ᠬᠢᠨ ᠭᠠᠵᠠᠷ ᠳᠡᠬᠡᠷ᠎ᠡ ᠨᠢ ᠰᠢᠯᠭᠠᠬᠤ᠂ ᠪᠢᠴᠢᠭ᠌ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠶᠠᠷᠢᠯᠴᠠᠨ ᠵᠥᠪᠳᠡᠯᠴᠡᠬᠦ ᠵᠡᠷᠭᠡ ᠠᠷᠭ᠎ᠠ ᠪᠠᠷ ᠠᠵᠢᠯ ᠥᠷᠨᠢᠭᠦᠯᠵᠤ᠂ ᠭᠤᠤᠯᠳᠠᠭᠤ ᠪᠠᠷᠢᠮᠵᠢᠶᠠᠵᠢᠭᠤᠯᠬᠤ ᠲᠤᠷᠰᠢᠯᠲᠠ ᠶᠢᠨ ᠴᠢᠬ ᠤᠨ ᠳᠠᠩᠰᠠ ᠮᠠᠲ᠋ᠧᠷᠢᠶᠠᠯ ᠢ ᠬᠢᠨᠠᠨ ᠤᠩᠰᠢᠵᠤ᠂ ᠴᠥᠩᠬᠦᠯ ᠤᠨ ᠭᠤᠤ ᠶᠢᠨ ᠭᠤᠷᠪᠠᠨ ᠭᠤᠤ ᠶᠢᠨ ᠠᠭᠤᠯᠵᠠᠷ᠂ ᠪᠠᠯᠠᠷᠯᠢᠬ ᠤᠢ᠂ ᠴᠥᠩᠬᠦᠯ ᠨᠠᠭᠤᠷ᠂ ᠯᠢᠩᠬᠤᠧᠠᠳᠤ ᠨᠠᠭᠤᠷ ᠵᠡᠷᠭᠡ ᠥᠵᠡᠮᠵᠢ ᠶᠢᠨ ᠴᠢᠬ ᠲᠤ ᠲᠤᠭᠤᠷᠢᠨ ᠰᠢᠯᠭᠠᠯᠳᠠ ᠬᠢᠵᠠᠢ᠃

    ᠴᠥᠩᠬᠦᠯ ᠤᠨ ᠭᠤᠤ ᠶᠢᠨ ᠤᠯᠤᠰ ᠤᠨ ᠵᠡᠷᠬᠡᠯᠡᠯ ᠤᠨ ᠵᠢᠭᠤᠯᠴᠢᠯᠠᠯ ᠤᠨ ᠥᠢᠯᠡᠴᠢᠯᠡᠭᠡ ᠶᠢ ᠪᠠᠷᠢᠮᠵᠢᠶᠠᠵᠢᠭᠤᠯᠬᠤ ᠲᠤᠷᠰᠢᠯᠲᠠ ᠶᠢᠨ ᠴᠢᠬ ᠤᠨ ᠳᠦᠰᠦᠯ ᠤᠨ ᠠᠵᠢᠯ《ᠰᠤᠶᠤᠯ ᠢᠶᠠᠷ ᠰᠥᠯᠲᠠ ᠪᠤᠯᠭᠠᠵᠤ ᠠᠮᠢ ᠠᠬᠤᠢ ᠪᠠᠷ ᠥᠨᠳᠥᠰᠥ ᠪᠤᠯᠭᠠᠬᠤ》᠂ ᠤᠬᠠᠬᠳᠠᠬᠤᠨ ᠢ ᠪᠤᠢ ᠪᠤᠯᠭᠠᠬᠤ᠂《ᠪᠠᠭᠠᠳᠤᠷ ᠢᠳᠡᠳᠡᠨ ᠤ ᠮᠤᠷᠢᠨ ᠳᠤ ᠮᠤᠷᠳᠠᠬᠰᠠᠨ ᠭᠠᠵᠠᠷ》ᠭᠡᠬᠦ ᠬᠤᠰᠢᠭᠤᠨ ᠤ ᠨᠠᠷ᠎ᠡ ᠶᠢᠨ ᠬᠠᠭᠤᠳᠠᠰᠤ ᠶᠢ ᠳᠠᠭᠤᠷᠢᠰᠤᠭᠤᠯᠬᠤ ᠪᠠᠷ ᠵᠤᠷᠢᠯᠭ᠎ᠠ ᠪᠤᠯᠭᠠᠵᠤ᠂ ᠵᠢᠭᠤᠯᠴᠢᠯᠠᠯ ᠤᠨ ᠥᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ ᠬᠠᠷᠠᠯᠲᠠ ᠪᠠᠨ ᠪᠤᠯᠭᠠᠵᠤ᠂ ᠪᠠᠷᠢᠮᠵᠢᠶᠠᠵᠢᠭᠤᠯᠤᠨ ᠬᠡᠷᠡᠭᠵᠢᠭᠦᠯᠬᠦ ᠬᠢᠨᠠᠨ ᠬᠠᠮᠢᠶᠠᠷᠬᠤ ᠲᠤᠬᠳᠠᠴᠠ ᠶᠢ ᠲᠠᠰᠤᠷᠠᠯᠲᠠ ᠥᠭᠡᠢ ᠳᠡᠭᠡᠭᠰᠢᠯᠡᠭᠦᠯᠵᠤ᠂ ᠲᠤᠷᠰᠢᠯᠲᠠ ᠶᠢᠨ ᠴᠢᠬ ᠤᠨ ᠳᠦᠰᠦᠯ ᠢ ᠲᠥᠯᠥᠪᠯᠡᠭᠡ ᠶᠤᠰᠤᠭᠠᠷ ᠠᠬᠢᠭᠤᠯᠤᠨ᠂ ᠴᠥᠩᠬᠦᠯ ᠤᠨ ᠭᠤᠤ ᠶᠢᠨ ᠥᠵᠡᠮᠦᠷᠢ ᠶᠢᠨ ᠵᠡᠷᠬᠡᠯᠡᠯ ᠳᠠᠪᠰᠢᠯᠲᠠ ᠶᠢ ᠠᠬᠢᠭᠤᠯᠵᠤ᠂ ᠬᠤᠷᠴᠢᠨ ᠵᠡᠭᠦᠨ ᠭᠠᠷᠤᠨ ᠬᠤᠶᠢᠳᠤ ᠬᠤᠰᠢᠭᠤᠨ ᠤ ᠵᠢᠭᠤᠯᠴᠢᠯᠠᠯ ᠤᠨ ᠠᠵᠤ ᠥᠢᠯᠡᠰ ᠤᠨ ᠪᠠᠷᠢᠮᠵᠢᠶᠠᠵᠢᠭᠰᠠᠨ᠂ ᠪᠷᠧᠨ᠋ᠳᠡᠭᠰᠡᠨ᠂ ᠤᠨᠴᠠᠯᠢᠬᠳᠤ ᠬᠥᠭᠵᠢᠯᠲᠠ ᠶᠢ ᠠᠬᠢᠭᠤᠯᠬᠤ ᠪᠠᠷ ᠴᠢᠷᠮᠠᠶᠢᠵᠠᠢ᠃

    ᠬᠢᠨᠠᠨ ᠰᠢᠯᠭᠠᠬᠤ ᠪᠠᠭ ᠬᠠᠮᠳᠤ ᠶᠢᠨ ᠵᠥᠪᠳᠡᠯᠴᠡᠭᠡ ᠪᠡ ᠨᠠᠷᠢᠨ ᠬᠢᠨᠠᠮᠠᠭᠠᠢ ᠬᠢᠨᠠᠨ ᠲᠤᠬᠳᠠᠭᠠᠯᠲᠠ ᠪᠠᠷ ᠳᠠᠮᠵᠢᠨ᠂ ᠴᠥᠩᠬᠦᠯ ᠤᠨ ᠭᠤᠤ ᠶᠢᠨ ᠬᠠᠮᠢᠶᠠᠷᠤᠯᠲᠠ ᠶᠢᠨ ᠲᠤᠪᠴᠢᠶ᠎ᠠ ᠶᠢᠨ ᠥᠢᠯᠡᠴᠢᠯᠡᠭᠡ ᠶᠢ ᠪᠠᠷᠢᠮᠵᠢᠶᠠᠵᠢᠭᠤᠯᠬᠤ ᠲᠤᠷᠰᠢᠯᠲᠠ ᠶᠢᠨ ᠴᠢᠬ ᠨᠢ ᠡᠯ᠎ᠡ ᠵᠥᠢᠯ ᠤᠨ ᠡᠭᠦᠷᠭᠡ ᠱᠠᠭᠠᠷᠳᠠᠯᠭ᠎ᠠ ᠪᠠᠨ ᠠᠮᠵᠢᠯᠲᠠ ᠲᠠᠢ ᠪᠡᠶᠡᠯᠡᠭᠦᠯᠵᠤ᠂ ᠪᠠᠷᠢᠮᠵᠢᠶᠠᠵᠢᠭᠤᠯᠤᠯᠲᠠ ᠨᠢ ᠵᠢᠭᠤᠯᠴᠢᠯᠠᠯ ᠤᠨ ᠥᠢᠯᠡᠴᠢᠯᠡᠭᠡᠨ ᠤ ᠲᠠᠯ᠎ᠠ ᠳᠠᠬᠢ ᠵᠢᠯᠤᠭᠤᠳᠤᠯᠭ᠎ᠠ᠂ ᠲᠥᠷᠢᠮᠵᠢᠭᠦᠯᠬᠦ ᠪᠤᠯᠤᠨ ᠠᠬᠢᠭᠤᠯᠬᠤ ᠥᠢᠯᠡᠳᠥᠯ ᠢ ᠪᠠᠳᠠᠷᠠᠭᠤᠯᠵᠤ᠂ ᠵᠢᠭᠤᠯᠴᠢᠯᠠᠯ ᠤᠨ ᠥᠢᠯᠡᠴᠢᠯᠡᠭᠡ ᠪᠠᠨ ᠰᠢᠯᠢᠳᠡᠭᠵᠢᠭᠦᠯᠬᠦ ᠶᠢ ᠠᠬᠢᠭᠤᠯᠤᠨ᠂ ᠵᠢᠱᠢᠶ᠎ᠡ ᠥᠵᠡᠭᠦᠯᠥᠨ ᠵᠢᠯᠤᠭᠤᠳᠬᠤ ᠥᠢᠯᠡᠳᠥᠯ ᠥᠵᠡᠭᠦᠯᠵᠠᠢ ᠬᠡᠮᠡᠨ ᠥᠵᠡᠵᠡᠭᠡᠵᠤ᠂ ᠨᠡᠶᠢᠳᠡ 90.5 ᠶᠡᠷᠥᠩᠬᠡᠢ ᠬᠤᠪᠢ ᠦᠭᠴᠤ ᠬᠢᠨᠠᠨ ᠰᠢᠯᠭᠠᠯᠲᠠ ᠶᠢ ᠠᠮᠵᠢᠯᠲᠠ ᠲᠠᠢ ᠥᠩᠭᠡᠷᠡᠬᠦᠯᠦᠭᠰᠡᠨ ᠪᠠᠶᠢᠨ᠎ᠠ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121481586