蒙古文网站Logo
ᠰᠢᠨᠬᠤᠸᠠ ᠮᠤᠩᠭ᠋ᠤᠯ ᠨᠧᠲ

ᠤᠷᠳᠤ ᠶᠢᠨ ᠲᠠᠭᠤᠤ ᠤᠶᠠᠩᠭ᠋ᠠᠷᠠᠭᠰᠠᠨ 70 ᠵᠢᠯ -- ᠦᠪᠦᠷ ᠮᠣᠩᠭᠣᠯ ᠤᠨ ᠭᠡᠷᠡᠯ ᠰᠠᠴᠤᠷᠠᠩᠭᠤᠢ 70 ᠵᠢᠯ ᠤᠨ ᠤᠢ ᠶᠢᠨ ᠴᠤᠪᠤᠷᠠᠯ ᠮᠡᠳᠡᠬᠡᠯᠡᠯ᠄ ᠰᠤᠶᠤᠯ ᠤᠨ ᠪᠦᠲᠦᠭᠡᠨ ᠪᠠᠶᠢᠭᠤᠯᠤᠯᠳᠠ ᠶᠢᠨ ᠬᠠᠭᠤᠳᠠᠰᠤ

2017-08-14 17:36

    ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠸᠧᠢ ᠵᠢᠩ ᠢᠦᠢ ᠬᠠᠯᠢᠨ᠎ᠠ 

    ᠦᠷᠬᠡᠨ ᠠᠭᠤᠳᠠᠮ ᠦᠪᠦᠷ ᠮᠤᠩᠭ᠋ᠤᠯ ᠲᠠᠯ᠎ᠠ ᠨᠤᠳᠤᠭ ᠲᠤ ᠡᠮᠦᠨ᠎ᠡ ᠨᠢ ᠤᠯᠠᠨ ᠴᠦᠬᠡᠨ ᠲᠤᠭᠠᠳᠤ ᠦᠨᠳᠦᠰᠦᠳᠡᠨ ᠪᠠᠶᠢᠭᠰᠠᠨ ᠪᠤᠯᠬᠤᠷ ᠬᠢᠯᠠᠯᠵᠠᠭᠰᠠᠨ ᠰᠤᠶᠤᠯ ᠤᠨ ᠤᠯᠠ ᠮᠦᠷ  ᠦᠯᠡᠳᠡᠭᠡᠵᠤ᠂ ᠬᠡᠷᠡᠯ ᠰᠠᠴᠤᠷᠠᠩᠭ᠋ᠤᠢ ᠲᠠᠯ᠎ᠠ ᠨᠤᠳᠤᠭ ᠤᠨ ᠰᠤᠶᠤᠯ ᠢ ᠬᠠᠮᠳᠤᠪᠡᠷ ᠴᠤᠭᠴᠠᠯᠠᠭᠰᠠᠨ ᠶᠤᠮ᠃ ᠲᠠᠯ᠎ᠠ ᠨᠤᠳᠤᠭ ᠤᠨ ᠬᠦᠮᠦᠰ ᠪᠤᠷᠤᠭᠵᠢᠭᠤᠨ᠂ ᠦᠨᠡᠨᠴᠢ᠂ ᠵᠤᠯᠪᠤᠭᠠᠯᠢᠭ᠂ ᠲᠠᠯ᠎ᠠ ᠨᠤᠳᠤᠭ ᠤᠨ ᠪᠦᠵᠢᠭ᠌᠌ ᠤᠶᠠᠨ ᠬᠠᠳᠠᠨ᠂ ᠤᠷᠮ᠎ᠠ ᠵᠤᠷᠢᠭ ᠪᠢᠯᠬᠠᠭᠰᠠᠨ᠂ ᠲᠠᠯ᠎ᠠ ᠨᠤᠳᠤᠭ ᠤᠨ ᠲᠠᠭᠤᠤ ᠶᠢᠨ ᠦᠩᠬᠡ ᠨᠢ ᠬᠦᠩᠬᠢᠨᠡᠬᠦᠨ᠂ ᠠᠶᠠᠯᠭᠤ ᠨᠢ ᠤᠶᠠᠩᠭ᠋ᠠᠯᠢᠭ᠃ ᠬᠤᠯᠠ ᠲᠡᠷᠳᠡᠭᠡ ᠡᠴᠡ ᠬᠠᠩᠬᠢᠨᠠᠭᠰᠠᠭᠠᠷ ᠴᠠᠭ ᠦᠶ᠎ᠡ ᠶᠢᠨ ᠲᠠᠭᠤᠨ ᠢ ᠤᠯᠠᠮᠵᠢᠯᠠᠨ᠂ ᠤᠳᠤ ᠦᠶ᠎ᠠ ᠵᠢᠨ ᠠᠢᠢᠵᠠᠮ ᠢ ᠴᠢᠪᠬᠠᠳᠠᠨ ᠨᠡᠡᠭ ᠤᠯᠠᠨ ᠬᠢᠯᠠᠯᠵᠠᠬᠰᠠᠨ ᠬᠠᠭᠤᠳᠠᠰᠤ ᠶᠢ ᠪᠢᠴᠢᠭᠯᠡᠨᠡᠮ᠃

    ᠰᠤᠶᠤᠯ ᠨᠢ ᠦᠵᠦᠭ   ᠵᠠᠩ ᠴᠢᠨᠠᠷ ᠢ ᠪᠢᠴᠢᠭᠯᠡᠨ᠎ᠡ

    ᠡᠷᠳᠡ ᠴᠠᠭ ᠡᠴᠡ ᠨᠠᠰᠢ᠂ ᠦᠪᠦᠷ ᠮᠤᠩᠭ᠋ᠤᠯ ᠤᠨ ᠦᠷᠬᠡᠨ ᠠᠭᠤᠳᠠᠮ ᠲᠠᠯ᠎ᠠ ᠨᠤᠳᠤᠭ ᠲᠤ ᠤᠯᠠᠨ ᠦᠨᠳᠦᠰᠦᠳᠡᠨ ᠤᠷᠤᠰᠢᠨ ᠠᠮᠢᠳᠤᠷᠠᠵᠤ᠂ ᠤᠯᠠᠭᠠᠨᠬᠠᠳᠠ ᠰᠤᠶᠤᠯ᠂ ᠨᠦᠬᠡᠨ ᠰᠠᠭᠤᠴᠠ ᠶᠢᠨ ᠰᠤᠶᠤᠯ᠂ ᠰᠠᠯᠠᠠᠤᠰᠤ ᠶᠢᠨ ᠰᠤᠶᠤᠯ ᠵᠡᠷᠬᠡ ᠲᠡᠦᠬᠡ ᠰᠤᠶᠤᠯ ᠢ ᠪᠦᠲᠦᠭᠡᠵᠤ᠂ ᠤᠷᠳᠤ ᠶᠢᠨ ᠲᠠᠭᠤᠤ᠂ ᠬᠦᠬᠡᠮᠡᠢ᠂ ᠮᠤᠷᠢᠨ ᠬᠤᠭᠤᠷ᠂ ᠠᠨᠳᠠᠢ ᠪᠦᠵᠢᠭ᠌᠌ ᠪᠤᠯᠤᠨ ᠶᠤᠸᠠᠨ ᠤ ᠲᠡᠭᠡᠳᠦ ᠨᠡᠶᠢᠰᠯᠡᠯ᠂ ᠯᠢᠶᠤᠤ ᠬᠦᠷᠦᠨ ᠤ ᠲᠡᠭᠡᠳᠦ ᠨᠡᠢᠢᠰᠯᠡᠯ᠂ ᠴᠢᠩᠬᠢᠰ ᠬᠠᠭᠠᠨ ᠤ ᠤᠩᠭ᠋ᠤᠨ ᠵᠡᠷᠬᠡ ᠰᠤᠶᠤᠯ ᠤᠨ ᠦᠪ ᠢ ᠦᠯᠡᠳᠡᠭᠡᠭ᠍ᠰᠡᠨ ᠪᠠᠶᠢᠨ᠎ᠠ᠃ ᠤᠮᠠᠷᠠᠳᠤ ᠶᠢᠨ ᠮᠠᠯᠵᠢᠬᠤ ᠰᠤᠶᠤᠯ ᠤᠨ ᠦᠯᠦᠭᠡᠢ ᠪᠤᠯᠤᠨ ᠲᠠᠯ᠎ᠠ ᠨᠤᠳᠤᠭ ᠤᠨ ᠰᠤᠶᠤᠯ ᠤᠨ ᠭᠤᠯᠤᠮᠳᠠ ᠪᠤᠯᠤᠭᠰᠠᠨ ᠤ ᠬᠤᠪᠢ ᠳᠤ ᠦᠪᠦᠷ ᠮᠤᠩᠭ᠋ᠤᠯ ᠤᠨ ᠨᠡᠬᠡᠬᠡᠯᠳᠡ ᠲᠠᠢ ᠠᠭᠤᠰᠤᠯᠴᠠᠨ᠂ ᠪᠠᠶᠢᠭᠠᠯᠢᠯᠢᠬ ᠵᠤᠯᠪᠤᠭᠠᠯᠢᠬ ᠵᠠᠡᠭ ᠴᠢᠨᠠᠷ ᠨᠢ ᠰᠤᠶᠤᠯ ᠤᠨ ᠰᠤᠳᠠᠰᠤᠨ ᠳᠤ ᠠᠭᠤᠰᠤᠨ ᠰᠢᠡᠭ᠍ᠭᠡᠭ᠍ᠰᠡᠨ ᠶᠤᠮ᠃

    ᠮᠤᠩᠭ᠋ᠤᠯ ᠦᠨᠳᠦᠰᠦᠳᠡᠨ ᠪᠤᠯ ᠪᠠᠶᠢᠭᠠᠯᠢ ᠢᠢ ᠰᠢᠳᠤᠳᠡᠭ ᠦᠨᠳᠦᠰᠦᠳᠡᠨ᠂ ᠠᠮᠢᠳᠤᠷᠠᠯ ᠲᠤᠮᠳᠠᠬᠢ ᠦᠢᠯᠡ ᠬᠦᠳᠡᠯᠦᠯ᠂ ᠡᠬᠡ ᠪᠠᠶᠢᠭᠠᠯᠢ ᠶᠢᠨ ᠡᠪᠠᠰᠤ ᠮᠤᠳᠤ ᠨᠢ ᠪᠦᠷ ᠤᠷᠠᠯᠢᠭ ᠤᠨ ᠤᠩᠭ᠋ᠤᠳ ᠤᠨ ᠢᠷᠡᠯᠳᠡ ᠪᠤᠯᠳᠠᠬ᠃ ᠰᠠᠭᠠᠯᠢ ᠶᠢᠨ ᠪᠦᠵᠢᠭ᠌᠂ ᠰᠠᠪᠬᠠᠨ ᠪᠦᠵᠢᠭ᠌᠌ ᠨᠢ ᠬᠦᠳᠡᠯᠮᠦᠷᠢ ᠳᠤ ᠤᠷᠠᠯᠢᠭ ᠤᠨ ᠵᠢᠬᠦᠷ ᠤᠷᠭᠤᠭᠤᠯᠵᠦ᠂ ᠮᠤᠷᠢᠨ ᠬᠤᠭᠤᠷ᠂ ᠤᠷᠳᠤ ᠶᠢᠨ ᠲᠠᠭᠤᠤ᠂ ᠬᠦᠭᠡᠮᠡᠢ ᠨᠢ ᠲᠠᠯ᠎ᠠ ᠨᠤᠳᠤᠭ ᠤᠨ ᠪᠤᠷᠤᠭᠵᠢᠭᠤᠨ ᠲᠠᠭᠤ ᠶᠢ ᠬᠠᠷᠠᠭᠤᠯᠵᠠᠢ᠃ 《ᠮᠤᠩᠭ᠋ᠤᠯ ᠦᠨᠳᠦᠰᠤᠳᠡᠨ ᠤ ᠲᠠᠭᠤᠤ ᠬᠦᠭ᠍ᠵᠢᠮ ᠤᠨ ᠠᠮᠢᠳᠤ ᠴᠢᠯᠠᠭᠤᠵᠢᠮᠠᠯ》 ᠬᠡᠮᠡᠭᠳᠡᠭᠰᠡᠨ ᠤᠷᠳᠤ ᠶᠢᠨ ᠲᠠᠭᠤᠤ᠂ ᠮᠤᠩᠭ᠋ᠤᠯ ᠦᠨᠳᠦᠰᠦᠳᠡᠨ ᠤ ᠡᠬᠦᠰᠤᠯ ᠲᠡᠢ ᠴᠤᠬ ᠡᠭᠦᠰᠦᠭ᠍ᠰᠡᠨ ᠶᠤᠮ᠂ ᠪᠤᠷᠤᠭᠵᠢᠭᠤᠨ ᠪᠠᠶᠢᠭᠠᠯᠢᠯᠢᠬ ᠬᠡᠪ ᠨᠠᠮᠪᠠ ᠨᠢ ᠮᠢᠩᠭ᠋ᠠᠨ ᠵᠢᠯ ᠢ ᠦᠡᠭ᠍ᠭᠡᠷᠡᠭᠦᠯᠦᠭ᠍ᠰᠡᠨ ᠴᠤ ᠭᠡᠪ ᠨᠠᠮᠪᠠ ᠨᠢ ᠬᠤᠪᠢᠷᠠᠭ᠎ᠠ ᠦᠭᠡᠢ᠂ ᠦᠪᠦᠷ ᠮᠤᠩᠭ᠋ᠤᠯ ᠤᠨ ᠠᠩᠬᠠᠨ ᠤ 《ᠬᠦᠮᠦᠨ ᠲᠦᠷᠦᠯᠬᠢᠳᠡᠨ ᠤ ᠪᠡᠶᠡᠳᠤ ᠪᠤᠰᠤ ᠰᠤᠶᠤᠯ ᠤᠨ ᠦᠪ ᠤᠨ ᠲᠦᠯᠦᠭᠡᠯᠡᠭᠴᠢ ᠪᠦᠲᠦᠭᠡᠯ》 ᠪᠤᠯᠤᠭᠰᠠᠨ ᠪᠠᠶᠢᠨ᠎ᠠ᠃

    ᠭᠠᠭᠴᠠ ᠴᠡᠴᠡᠭ ᠬᠠᠪᠤᠷ ᠢ ᠦᠩᠬᠡᠯᠡᠵᠤ ᠴᠢᠳᠠᠬᠤ ᠦᠭᠡᠢ ᠤᠯᠠᠨ ᠬᠤᠸᠠᠢ ᠴᠡᠴᠡᠭ ᠲᠡᠯᠭᠡᠷᠡᠮᠡᠨᠵᠢᠨ ᠬᠠᠪᠤᠷ ᠢᠷᠡᠨ᠎ᠡ᠃ ᠮᠤᠩᠭ᠋ᠤᠯ ᠦᠨᠳᠦᠰᠦᠳᠡᠨ ᠤ ᠠᠷᠠᠳ ᠤᠨ ᠪᠤᠭᠤᠨᠢ ᠲᠠᠭᠤᠤ ᠪᠤᠯᠤᠨ ᠬᠢᠳᠠᠳ ᠦᠨᠳᠦᠰᠦᠳᠡᠨ ᠤ ᠦᠨᠳᠦᠷᠯᠢᠭ᠌᠌ ᠤᠨ ᠠᠶ᠎ᠠ ᠲᠠᠢ ᠠᠭᠤᠰᠤᠯᠴᠠᠨ ᠮᠤᠡᠭ᠍ᠭᠤᠯ ᠬᠢᠳᠡᠳ ᠠᠶᠠᠯᠭᠤ ᠶᠢ ᠪᠦᠲᠦᠭᠡᠵᠡᠢ᠃ ᠬᠢᠳᠠᠳ ᠦᠨᠳᠦᠰᠦᠳᠡᠨ ᠤ ᠲᠤᠤᠯᠢᠴᠢ ᠶᠢᠨ ᠬᠡᠯᠪᠡᠷᠢ ᠳ᠋ᠦ ᠲᠤᠯᠢᠳᠠᠵᠦ ᠮᠤᠩᠭ᠋ᠤᠯ ᠦᠨᠳᠦᠰᠦᠳᠡᠨ ᠤ ᠬᠤᠭᠤᠷ ᠤᠨ ᠦᠯᠢᠭᠡᠷ ᠪᠦᠷᠢᠯᠳᠤᠭ᠍ᠰᠡᠨ ᠶᠤᠮ᠃ ᠦᠪᠦᠷ ᠮᠤᠩᠭ᠋ᠤᠯ ᠳᠤ ᠦᠨᠳᠦᠰᠦᠳᠡᠨ ᠤ ᠡᠶ᠎ᠡ ᠨᠠᠶᠢᠷᠰᠠᠭ ᠤᠨ ᠲᠠᠭᠠᠤ ᠰᠤᠶᠤᠯ ᠴᠤ ᠠᠭᠠᠵᠢᠮ ᠢᠶᠡᠷ ᠠᠭᠤᠰᠤᠯᠴᠠᠵᠦ᠂ ᠤᠯᠠᠨ ᠦᠨᠳᠦᠰᠦᠳᠡᠨ ᠤ ᠤᠨᠴᠠᠯᠢᠭ ᠲᠠᠢ ᠰᠤᠶᠤᠯ ᠤᠷᠠᠯᠢᠭ ᠤᠨ ᠬᠡᠯᠪᠡᠷᠢ ᠶᠢ ᠪᠦᠷᠢᠯᠳᠤᠬᠦᠯᠵᠡᠢ᠂ ᠡᠳᠡᠬᠡᠷ ᠰᠤᠶᠤᠯ ᠤᠨ ᠬᠡᠯᠪᠡᠷᠢ ᠨᠢ ᠡᠯ᠎ᠡ ᠦᠨᠳᠦᠰᠦᠳᠡᠨ ᠤ ᠢᠷᠭᠡᠳ ᠲᠤ ᠬᠠᠷᠢᠯᠴᠠᠭᠠᠨ ᠤ ᠬᠦᠤᠷ ᠪᠤᠯᠤᠬᠰᠠᠨ ᠶᠤᠮ᠃

    ᠦᠪᠦᠷ ᠮᠣᠩᠭᠣᠯ ᠳᠤ 89 ᠲᠦᠷᠦ ᠶᠢᠨ ᠵᠡᠷᠭᠡᠯᠡᠯ ᠤᠨ ᠪᠠ 499 ᠦᠪᠡᠷᠲᠡᠭᠡᠨ ᠵᠠᠰᠠᠬᠤ ᠤᠷᠤᠨ ᠤ ᠵᠡᠷᠭᠡᠯᠡᠯ ᠤᠨ ᠪᠡᠶᠡᠲᠤ ᠪᠤᠰᠤ ᠰᠤᠶᠤᠯ ᠤᠨ ᠦᠪ ᠲᠠᠢ᠃ ᠪᠡᠶᠡᠲᠤ ᠪᠤᠰᠤ ᠰᠤᠶᠤᠯ ᠤᠨ ᠦᠪ ᠨᠢ ᠴᠠᠬ ᠦᠶ᠎ᠠ ᠶᠢᠨ ᠦᠩᠭᠡᠷᠡᠬᠦ ᠶᠢ ᠳᠠᠭᠠᠯᠳᠤᠨ ᠬᠦᠮᠦᠰ ᠤᠨ ᠤᠶᠤᠨ ᠤᠬᠠᠭᠠᠨ ᠢ ᠤᠮᠳᠠᠯᠠᠨ᠎ᠠ᠃ ᠡᠯ᠎ᠠ ᠲᠦᠷᠦᠯ ᠤᠨ ᠰᠤᠶᠤᠯ ᠤᠨ ᠪᠠᠭᠤᠷᠢ ᠨᠢ ᠲᠡᠤᠬᠡ ᠶᠢᠨ ᠬᠤᠪᠢᠷᠠᠯᠲᠠ ᠬᠦᠭ᠍ᠵᠢᠯᠲᠠ᠂ ᠪᠤᠯᠪᠠᠰᠤᠨ ᠤ ᠬᠤᠪᠢᠰᠤᠯᠲᠠ ᠶᠢ ᠳᠡᠮᠳᠡᠭᠯᠡᠵᠡᠢ᠃ ᠶᠤᠸᠠᠨ ᠤ ᠲᠡᠬᠡᠲᠤ ᠨᠡᠶᠢᠰᠯᠠᠯ ᠤᠨ ᠪᠠᠭᠤᠷᠢ ᠳᠡᠯᠡᠬᠡᠢ ᠶᠢᠨ ᠰᠤᠶᠤᠯ ᠤᠨ ᠦᠪ ᠤᠨ ᠨᠡᠷᠡᠰ ᠲᠤ ᠵᠢᠬᠰᠠᠭᠠᠭᠳᠠᠵᠤ᠂ ᠦᠪᠦᠷ ᠮᠣᠩᠭᠣᠯ ᠤᠨ ᠳᠡᠯᠡᠬᠡᠢ ᠶᠢᠨ ᠰᠤᠶᠤᠯ ᠤᠨ ᠦᠪ ᠤᠨ ᠬᠤᠭᠤᠰᠤᠨ ᠢ ᠨᠦᠬᠦᠪᠦᠷᠢᠯᠡᠵᠠᠢ᠃ ᠤᠯᠠᠭᠠᠨᠬᠠᠳᠠ ᠰᠤᠶᠤᠯ ᠤᠨ ᠪᠠᠭᠤᠷᠢ᠂ ᠯᠢᠶᠤᠤ ᠬᠦᠷᠦᠨ ᠤ ᠲᠡᠭᠡᠳᠤ ᠨᠡᠶᠢᠰᠯᠡᠯ ᠪᠤᠯᠤᠨ ᠳᠡᠭᠡᠳᠦᠰ ᠤᠨ ᠤᠩᠭ᠋ᠤᠨ ᠤ ᠪᠠᠭᠤᠷᠢ ᠤᠳ ᠂ ᠮᠤᠨᠢ ᠠᠭᠤᠯᠠ ᠶᠢᠨ ᠬᠠᠲᠠᠨ ᠰᠡᠶᠢᠯᠤᠮᠠᠯ ᠤᠨ ᠪᠠᠭᠤᠷᠢ ᠵᠡᠷᠬᠡ ᠶᠢ ᠪᠡᠶᠡᠲᠤ ᠪᠤᠰᠤ ᠰᠤᠶᠤᠯ ᠤᠨ ᠦᠪ ᠲᠤ ᠡᠷᠡᠮᠡᠯᠵᠡᠯᠡᠬᠦ ᠵᠢᠬᠰᠠᠭᠠᠯᠲᠠ ᠳᠤ ᠤᠷᠤᠵᠤ᠂ ᠲᠠᠯ᠎ᠠ ᠨᠤᠲᠤᠭ ᠤᠨ ᠰᠤᠶᠤᠯ ᠢ ᠳᠡᠯᠡᠬᠡᠢ ᠶᠢᠨ ᠬᠦᠮᠦᠰ ᠲᠤ ᠰᠤᠨᠤᠷᠲᠠᠭᠤᠯᠬᠤ ᠪᠡᠷ ᠪᠡᠯᠡᠬᠡᠨ ᠪᠠᠶᠢᠨ᠎ᠠ᠃

    ᠤᠷᠤᠰᠬᠤ ᠤᠰᠤᠨ ᠯᠤᠭ᠎ᠠ ᠠᠳᠠᠯᠢᠬᠠᠨ ᠰᠤᠶᠤᠯ

    ᠲᠠᠯ᠎ᠠ ᠨᠤᠳᠤᠭ ᠬᠡᠳᠤᠢ ᠠᠭᠤᠳᠠᠮ ᠪᠤᠯ ᠲᠠᠯ᠎ᠠ ᠨᠤᠳᠤᠭ ᠤᠨ ᠬᠦᠮᠦᠰ ᠤᠨ ᠠᠶ᠎ᠠ ᠳᠠᠭᠤᠤ ᠲᠡᠳᠤᠢ ᠬᠤᠯᠠ ᠴᠤᠤᠷᠢᠶᠠᠳᠤᠳᠠᠬ᠃ ᠳᠠᠭᠤᠤ ᠪᠡᠨ ᠤᠯᠠᠮ ᠬᠦᠩᠭᠢᠨᠡᠮ᠎ᠠ᠂ ᠰᠤᠶᠤᠯ ᠢᠶᠡᠨ ᠤᠯᠠᠮ ᠬᠦᠭ᠍ᠵᠢᠭᠡᠨ ᠪᠠᠳᠠᠷᠠᠭᠤᠯᠬᠤ ᠶᠢᠨ ᠲᠦᠯᠦᠭᠡ ᠦᠪᠦᠷ ᠮᠣᠩᠭᠣᠯ ᠰᠡᠭᠦᠯ ᠤᠨ ᠵᠢᠯ ᠤᠳ ᠲᠤ ᠤᠯᠠᠮᠵᠢᠯᠠᠯᠲᠤ ᠰᠤᠶᠤᠯ ᠢᠶᠡᠨ ᠦᠪᠯᠡᠨ ᠬᠠᠮᠠᠭᠠᠯᠠᠬᠤ ᠠᠵᠢᠯ ᠢ ᠲᠠᠰᠤᠷᠠᠯᠲᠠ ᠦᠭᠡᠢ ᠠᠬᠢᠭᠤᠯᠵᠠᠢ᠃

    2009 ᠤᠨ ᠳᠤ᠂ ᠦᠤᠱᠢᠨ ᠬᠤᠰᠢᠭᠤᠨ ᠳᠤ《ᠮᠤᠷᠢᠨ ᠬᠤᠭᠤᠷ ᠤᠨ ᠦᠷᠨᠢᠯᠲᠡ》 ᠪᠤᠯᠪᠠ᠃ ᠲᠤᠬᠠᠢ ᠶᠢᠨ ᠭᠠᠵᠠᠷ ᠤᠨ ᠵᠠᠰᠠᠭ ᠤᠨ ᠤᠷᠳᠤᠨ ᠡᠴᠡ ᠮᠤᠷᠢᠨ ᠬᠤᠭᠤᠷ ᠢ ᠲᠦᠭᠡᠮᠡᠯᠵᠢᠭᠦᠯᠬᠦ ᠠᠵᠢᠯᠯᠠᠭ᠎ᠠ ᠦᠷᠨᠢᠭᠦᠯᠵᠤ᠂ 30 ᠮᠤᠷᠢᠨ ᠬᠤᠭᠤᠷ ᠤᠨ ᠪᠠᠭᠰᠢ ᠶᠢ ᠳᠠᠰᠬᠠᠯᠵᠢᠭᠤᠯᠬᠤ ᠡᠴᠡ ᠡᠬᠢᠯᠡᠨ ᠬᠤᠰᠢᠭᠤ ᠳᠠᠶᠠᠭᠠᠷ ᠲᠤ 8000 ᠭᠠᠷᠤᠢ ᠮᠤᠷᠢᠨ ᠬᠤᠭᠤᠷ ᠤᠨ ᠲᠤᠷ᠎ᠠ ᠪᠠᠬᠠᠲᠠᠳ ᠢ ᠬᠦᠮᠦᠵᠢᠭᠦᠯᠵᠠᠢ᠃ ᠤᠯᠠᠮᠵᠢᠯᠠᠯᠲᠤ ᠰᠤᠶᠤᠯ ᠤᠨ ᠬᠢᠴᠢᠶᠡᠯ ᠤᠨ ᠲᠢᠩᠬᠢᠮ᠂ ᠨᠡᠶᠢᠭᠡᠮ ᠲᠡᠭᠦᠷᠭᠡ ᠳᠤ ᠬᠦᠷᠴᠤ᠂ ᠠᠷᠠᠳ ᠤᠨ ᠳᠤᠮᠳᠠ ᠤᠯᠠᠮᠵᠢᠯᠠᠨ ᠲᠡᠯᠭᠡᠷᠡᠵᠤ ᠠᠮᠢᠯᠠᠯ  ᠤᠯᠭᠤᠪᠠ᠃ ᠦᠪᠦᠷ ᠮᠣᠩᠭᠣᠯ ᠳᠤ ᠴᠡᠴᠡᠷᠯᠢᠭ᠌᠌ ᠤᠨ ᠬᠡᠤᠬᠡᠳ ᠤᠳ ᠠᠩᠭ᠍ᠯᠢ ᠬᠡᠯᠡᠨ ᠤ ᠬᠢᠴᠢᠶᠡᠯ ᠢᠶᠡᠨ ᠤᠷᠤᠵᠤ ᠪᠠᠷᠠᠭᠠᠳ ᠪᠦᠬᠡ  ᠶᠢᠨ ᠬᠢᠴᠢᠶᠡᠯ ᠤᠷᠤᠳᠠᠭ᠂ ᠪᠦᠵᠢᠭ᠌ ᠤᠨ ᠲᠤᠷ᠎ᠠ ᠪᠠᠬᠠᠲᠠᠳ ᠠᠨᠳᠠᠢ ᠪᠦᠵᠢᠭ᠌ ᠢ ᠲᠠᠯᠠᠪᠠᠢ ᠶᠢᠨ ᠪᠦᠵᠢᠭ᠌ ᠪᠤᠯᠭᠠᠨ ᠦᠭᠡᠷᠡᠴᠢᠯᠡᠵᠤ ᠪᠦᠵᠢᠭᠯᠡᠨ᠎ᠠ᠂ ᠠᠵᠢᠯ ᠡᠴᠠ ᠪᠠᠨ ᠠᠮᠠᠷᠠᠭᠰᠠᠳ ᠨᠡᠶᠢᠭᠡᠮ ᠲᠡᠭᠦᠷᠭᠡ ᠶᠢᠨ ᠶᠡᠬᠡ ᠰᠤᠷᠭᠠᠭᠤᠯᠢ ᠳᠤ ᠮᠤᠷᠢᠨ ᠬᠤᠭᠤᠷ᠂ ᠠᠷᠠᠰᠤᠨ ᠰᠡᠶᠢᠯᠦᠮᠡᠯ ᠵᠢᠷᠤᠭ ᠤᠨ ᠬᠢᠴᠢᠶᠡᠯ ᠤᠷᠤᠳᠠᠭ᠃

    ᠪᠡᠶᠡᠲᠤ ᠪᠤᠰᠤ ᠰᠤᠶᠤᠯ ᠤᠨ ᠦᠪ ᠢ ᠬᠠᠮᠠᠭᠠᠯᠠᠬᠤ ᠳᠤ ᠢᠷᠭᠡᠳ ᠤᠨ ᠲᠤᠰᠠᠯᠠᠮᠵᠢ ᠪᠠᠶᠢᠬᠤ ᠪᠡᠷ ᠪᠠᠷᠠᠬᠤ ᠦᠭᠡᠢ ᠵᠠᠰᠠᠭ ᠤᠨ ᠤᠷᠳᠤᠨ ᠤ ᠵᠢᠯᠤᠭᠤᠳᠤᠯᠭ᠎ᠠ ᠡᠴᠡ ᠴᠤ ᠰᠠᠯᠵᠤ ᠴᠢᠳᠠᠬᠤ ᠦᠭᠡᠢ᠃ ᠦᠪᠦᠷ ᠮᠣᠩᠭᠣᠯ ᠰᠤᠶᠤᠯ ᠠᠮᠢ ᠠᠬᠤᠢ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠲᠤᠭᠤᠷᠢᠭ ᠢ 13 ᠪᠠᠶᠢᠭᠤᠯᠵᠤ᠂ ᠪᠠᠶᠠᠲᠤ ᠪᠤᠰᠤ ᠰᠤᠶᠤᠯ ᠤᠨ ᠦᠪ ᠤᠨ ᠪᠦᠬᠦᠯᠢ ᠴᠤᠭᠴᠠᠲᠤ ᠬᠠᠮᠠᠭᠠᠯᠠᠬᠤ ᠠᠵᠢᠯ ᠢ ᠠᠬᠢᠭᠤᠯᠪᠠ᠃ ᠤᠰᠠᠳᠬᠤ ᠠᠶᠤᠯ ᠲᠠᠢ ᠲᠦᠰᠦᠯ ᠢ ᠠᠪᠤᠷᠠᠨ ᠬᠠᠮᠠᠭᠠᠯᠠᠬᠤ《ᠬᠤᠤᠰ ᠵᠠᠭᠤᠨ ᠤ ᠢᠨᠵᠸᠨ᠋ᠸᠷᠢᠩ》 ᠢ ᠬᠡᠷᠡᠭᠵᠢᠭᠦᠯᠵᠤ 70 ᠭᠠᠷᠤᠢ ᠲᠦᠰᠦᠯ ᠪᠤᠯᠤᠨ 207 ᠦᠪᠯᠡᠭᠴᠢ ᠳᠤ ᠬᠠᠮᠠᠭᠠᠯᠠᠯᠳᠠ ᠶᠢᠨ ᠴᠢᠨᠠᠷᠳᠠᠢ ᠲᠡᠮᠳᠡᠭ᠍ᠯᠡᠬᠦ ᠠᠵᠢᠯ ᠦᠷᠨᠢᠬᠦᠯᠦᠭᠰᠡᠨ ᠪᠠᠶᠢᠨ᠎ᠠ᠃

    ᠲᠤᠭᠯᠠᠯᠳᠠ ᠶᠢᠨ ᠲᠤᠮᠳᠠ ᠤᠯᠠᠮᠵᠢᠯᠠᠨ᠂ ᠲᠠᠶᠢᠰᠠᠨ ᠲᠡᠭᠡᠷ᠎ᠡ ᠬᠠᠮᠠᠭᠠᠯᠠᠬᠤ ᠪᠤᠯ ᠤᠯᠠᠮᠵᠢᠯᠠᠯᠳᠤ ᠲᠡᠤᠬᠡ ᠰᠤᠶᠤᠯ ᠤᠷᠳᠤ ᠤᠳᠠᠭᠠᠨ ᠵᠢᠯ ᠦᠷᠬᠦᠯᠵᠢᠯᠡᠵᠤ ᠴᠢᠳᠠᠭᠰᠠᠨ ᠤ ᠠᠮᠢᠳᠤ ᠪᠤᠯᠠᠭ ᠪᠤᠯᠤᠨ᠎ᠠ᠃ ᠤᠯᠠᠭᠠᠨᠮᠦ᠋ᠴᠢᠷ 《ᠰᠤᠶᠤᠯ ᠤᠨ ᠮᠤᠷᠢᠳᠤ ᠴᠡᠷᠢᠭ》ᠬᠡᠮᠡᠨ ᠨᠡᠷᠡᠯᠡᠭᠳᠡᠵᠤ᠂ 《ᠤᠬᠤᠷ ᠠᠪᠰᠠᠷ ᠪᠦᠬᠡᠳ ᠴᠢᠨᠠᠷᠯᠢᠭ ᠪᠠᠭ ᠲᠠᠢ᠂ ᠨᠢᠬᠡ ᠳᠤ ᠴᠠᠭᠠᠷᠠᠨ ᠤᠯᠠᠨ ᠳᠤ ᠮᠡᠷᠭᠡᠰᠢᠭᠰᠡᠨ ᠬᠡᠰᠢᠬᠦᠳ ᠲᠠᠢ᠂ ᠪᠠᠭ᠎ᠠ ᠬᠡᠯᠪᠡᠷᠢ ᠶᠢᠨ ᠤᠯᠠᠨ ᠡᠰᠢᠴᠢᠯᠡᠭᠰᠡᠨ ᠲᠤᠭᠯᠠᠯᠳᠠ ᠲᠠᠢ᠂ ᠲᠦᠬᠦᠮ ᠠᠪᠰᠠᠷᠬᠠᠨ ᠲᠤᠨᠤᠭ ᠲᠦᠬᠦᠬᠡᠷᠦᠮᠵᠢ ᠲᠠᠢ 》 ᠪᠡᠷ  ᠢᠶᠡᠨ ᠦᠪᠡᠷᠮᠢᠴᠡ ᠪᠠᠶᠢᠳᠠᠭ᠃ 1957 ᠤᠨ ᠳᠤ ᠠᠩᠬᠠᠨ ᠤ ᠤᠯᠠᠭᠠᠨᠮᠦ᠋ᠴᠢᠷ ᠪᠠᠶᠢᠭᠤᠯᠤᠭᠳᠠᠭᠰᠠᠨ ᠡᠴᠡ ᠤᠳᠤ ᠪᠤᠯᠳᠠᠯ᠎ᠠ ᠦᠪᠦᠷ ᠮᠤᠩᠭ᠋ᠤᠯ ᠤᠨ ᠲᠠᠯ᠎ᠠ᠎ ᠨᠤᠳᠤᠭ ᠲᠤ ᠨᠡᠶᠢᠳᠡ 75 ᠪᠠᠭ ᠤᠯᠠᠭᠠᠨᠮᠦ᠋ᠴᠢᠷ ᠲᠠᠢ ᠪᠤᠯᠵᠤ᠂ ᠵᠢᠯ ᠪᠤᠯᠭᠠᠨ ᠮᠠᠯᠴᠢᠨ ᠲᠠᠷᠢᠶᠠᠴᠢᠨ ᠳᠤ ᠵᠠᠭᠤ ᠭᠠᠷᠤᠢ ᠲᠠᠯᠠᠪᠠᠢ ᠲᠤᠭᠯᠠᠯᠳᠠ ᠭᠠᠷᠭᠠᠳᠠᠭ᠃ ᠤᠯᠠᠭᠠᠨᠮᠦ᠋ᠴᠢᠷ ᠢ ᠪᠠᠭᠳᠠᠭᠠᠭᠰᠠᠨ ᠤᠷᠠᠯᠢᠭ ᠤᠨ ᠪᠠᠭ ᠤᠨ ᠬᠢᠨ ᠵᠢᠯ ᠪᠤᠯᠭᠠᠨ ᠦᠨᠳᠦᠰᠦᠨ ᠱᠠᠳᠤᠨ ᠳᠤ 7000 ᠭᠠᠷᠤᠢ ᠲᠠᠯᠠᠪᠠᠢ ᠲᠤᠭᠯᠠᠯᠳᠠ ᠭᠠᠷᠭᠠᠨ᠂ ᠡᠯ᠎ᠡ ᠦᠨᠳᠦᠰᠦᠳᠡᠨ ᠤ ᠤᠯᠠᠮᠵᠢᠯᠠᠯᠳᠤ ᠰᠤᠶᠤᠯ ᠶᠠᠭ ᠡᠶᠢᠮᠦᠷᠬᠦᠦ ᠨᠢᠬᠡ ᠨᠢᠬᠡ ᠲᠠᠯᠠᠪᠠᠢ ᠲᠤᠭᠯᠠᠯᠳᠠ ᠪᠡᠷ ᠲᠠᠮᠵᠢᠨ ᠦᠪᠦᠷ ᠮᠤᠩᠭ᠋ᠤᠯ ᠲᠠᠶᠠᠭᠠᠷ ᠲᠤ ᠤᠯᠠᠮᠵᠢᠯᠠᠭᠳᠠᠭᠰᠠᠨ ᠶᠤᠮ᠃

    ᠲᠠᠯ᠎ᠠ ᠨᠤᠳᠤᠭ ᠤᠨ ᠰᠤᠶᠤᠯ ᠢ ᠬᠠᠮᠠᠭᠠᠯᠠᠭᠴᠢ ᠳ᠋ᠦ ᠪᠠᠰᠠ ᠰᠤᠶᠤᠯ ᠤᠨ ᠦᠪ ᠤᠨ ᠬᠠᠮᠠᠭᠠᠯᠠᠯᠳᠠ ᠶᠢᠨ ᠮᠤᠷᠢᠳᠦ ᠪᠠᠭ᠂ ᠤᠷᠳᠤ ᠴᠠᠭᠠᠨ ᠬᠡᠷᠡᠮ ᠤᠨ ᠰᠤᠶᠤᠯ ᠤᠨ ᠦᠪ ᠤᠨ ᠬᠠᠮᠠᠭᠠᠯᠠᠯᠳᠠ ᠶᠢᠨ ᠲᠡᠮᠡᠭᠡᠳᠦ ᠪᠠᠭ᠂ 《ᠲᠠᠯ᠎ᠠ ᠨᠤᠳᠤᠭ ᠤᠨ ᠰᠢᠳᠢᠳᠤ ᠪᠦᠷᠬᠦᠳ》 ᠬᠢᠯᠢ ᠬᠢᠵᠠᠭᠠᠷ ᠤᠷᠤᠨ ᠤ ᠰᠤᠶᠤᠯ ᠤᠨ ᠬᠠᠮᠠᠭᠠᠯᠠᠯᠳᠠ ᠶᠢᠨ ᠵᠤᠬᠢᠶᠠᠨ ᠪᠠᠶᠢᠭᠤᠯᠤᠯᠳᠠ ᠨᠢ ᠦᠪᠦᠷ ᠮᠤᠩᠭ᠋ᠤᠯ ᠤᠨ 2.1 ᠲᠦᠮᠨ ᠭᠠᠷᠤᠢ ᠰᠢᠯᠵᠢᠵᠤ ᠦᠯᠦ ᠪᠤᠯᠬᠤ ᠲᠡᠤᠬᠡ ᠶᠢᠨ ᠲᠤᠷᠠᠰᠬᠠᠯᠳᠤ ᠪᠤᠳᠠᠰ ᠪᠠᠭᠤᠷᠢ ᠢᠢ ᠰᠠᠬᠢᠨ ᠬᠠᠮᠠᠭᠠᠯᠠᠭᠰᠠᠭᠠᠷ ᠢᠷᠡᠵᠠᠢ᠃

    ᠰᠤᠶᠤᠯ ᠢᠶᠡᠨ ᠲᠡᠯᠡᠬᠡᠢ ᠳᠠᠬᠢᠨ ᠳᠤ ᠲᠠᠭᠤᠷᠢᠰᠤᠭᠤᠯᠤᠨ᠎᠎ᠠ

    ᠭᠧᠷᠮᠠᠨ ᠤ ᠲᠠᠭᠤᠤ ᠬᠦᠭ᠍ᠵᠢᠮ ᠤᠨ ᠲᠢᠩᠬᠢᠮ ᠳᠤ 《ᠬᠤᠨ ᠭᠠᠯᠠᠭᠤ》ᠲᠠᠭᠤᠯᠠᠭᠳᠠᠬᠤ ᠳᠤ᠂ ᠮᠤᠷᠢᠨ ᠬᠤᠭᠤᠷ ᠤᠨ ᠡᠬᠡᠰᠢᠭ᠌᠌ ᠠᠮᠸᠷᠢᠺᠠᠴᠤᠳ ᠤᠨ ᠰᠡᠳᠬᠢᠯ ᠢ ᠡᠵᠡᠮᠳᠡᠭᠦ ᠳᠤ᠂ ᠮᠤᠩᠭ᠋ᠤᠯ ᠦᠨᠳᠦᠰᠦᠳᠡᠨ ᠤ ᠬᠦᠬᠡᠮᠠᠢ ᠳᠤ ᠠᠹᠷᠢᠺᠠᠴᠤᠳ ᠡᠷᠡᠬᠡᠢ ᠭᠠᠷᠭᠠᠨ ᠮᠠᠬᠳᠠᠬᠤ ᠳᠤ ᠲᠠᠯ᠎ᠠ ᠨᠤᠳᠤᠭ ᠤᠨ ᠰᠤᠶᠤᠯ  ᠨᠡᠬᠡᠬᠡᠯᠳᠡᠳᠤ ᠴᠢᠨᠠᠷ ᠪᠠ ᠪᠠᠭᠳᠠᠭᠠᠮᠵᠢᠳᠤ ᠴᠢᠨᠠᠷ ᠢᠶᠡᠨ ᠲᠠᠬᠢᠨᠳᠠ ᠢᠯᠡᠷᠡᠬᠦᠯᠵᠠᠢ᠃

    700 ᠭᠠᠷᠤᠢ ᠵᠢᠯ ᠤᠨ ᠡᠮᠦᠨ᠎ᠠ᠂ ᠵᠢᠭᠤᠯᠴᠢᠨ ᠮᠠᠷᠺᠤ• ᠫᠤᠯᠦ ᠪᠠᠯᠠᠷ ᠡᠷᠳᠡᠨ ᠤ ᠡᠴᠢᠨ᠎ᠠ ᠭᠠᠢᠢᠬᠠᠮᠰᠢᠬᠳᠦ ᠲᠤᠮᠳᠠᠳᠤ ᠤᠯᠤᠰ ᠢ ᠠᠩᠬ᠎ᠠ ᠤᠳᠠᠭ᠎ᠠ ᠡᠸᠦ᠋ᠷᠦᠫᠠᠴᠤᠳ ᠤᠨ ᠬᠠᠷᠠᠭᠠᠨ ᠳᠤ ᠤᠷᠤᠭᠤᠯᠤᠭᠰᠠᠨ ᠶᠤᠮ᠃ 700 ᠵᠢᠯ ᠤᠨ ᠬᠤᠢᠢᠨ᠎ᠠ᠂ ᠦᠪᠦᠷ ᠮᠤᠩᠭ᠋ᠤᠯ ᠦᠨᠳᠦᠰᠦᠳᠡᠨ ᠤ ᠲᠠᠶᠢᠰᠠᠨ ᠵᠦᠴᠦᠬᠡ 《ᠮᠠᠷᠺᠤ• ᠫᠤᠯᠦ ᠶᠢᠨ ᠲᠤᠮᠤᠬ》ᠪᠡᠨ ᠮᠠᠷᠺᠤ• ᠫᠤᠯᠦ ᠶᠢᠨ ᠨᠤᠳᠤᠭ ᠢᠲ᠋ᠠᠯᠢ ᠳᠤ ᠠᠪᠴᠢᠷᠠᠵᠦ᠂ ᠮᠢᠯᠠᠨ ᠤ ᠤᠯᠠᠨ ᠤᠯᠤᠰ ᠤᠨ ᠶᠠᠭᠠᠷᠠᠮᠠᠭ ᠲᠤ《ᠦᠪᠦᠷ ᠮᠤᠩᠭ᠋ᠤᠯ ᠤᠨ ᠲᠤᠰᠬᠠᠢ ᠰᠡᠳᠤᠪᠳᠤ ᠠᠵᠢᠯᠯᠠᠭᠠᠨ ᠤ ᠡᠳᠦᠷ》ᠲᠤ ᠲᠤᠭᠯᠠᠭᠰᠠᠨ ᠤ ᠬᠠᠮᠳᠤ ᠦᠵᠡᠭᠴᠢᠳ ᠲᠤ ᠭᠡᠷᠡᠯ ᠰᠠᠴᠤᠷᠠᠬᠰᠠᠨ ᠲᠠᠯ᠎ᠠ᠎ ᠨᠤᠳᠤᠭ ᠤᠨ ᠰᠤᠶᠤᠯ ᠢ ᠰᠤᠨᠢᠷᠬᠠᠭᠤᠯᠤᠭᠰᠠᠨ ᠪᠢᠯᠡ᠃

    ᠳᠠᠭᠤᠤ ᠨᠢ ᠤᠶᠠᠩ᠋ᠭᠠᠯᠢᠭ᠂ ᠪᠦᠵᠢᠭ᠌᠌ ᠨᠢ ᠤᠶᠠᠨ ᠬᠠᠳᠠᠨ᠂ ᠲᠠᠯ᠎ᠠ ᠨᠤᠲᠤᠭ ᠤᠨ ᠰᠤᠶᠤᠯ ᠲᠡᠯᠡᠭᠡᠢ ᠳᠤ ᠴᠢᠭ᠍ᠯᠡᠨ ᠭᠦᠭ᠍ᠵᠢᠭᠰᠡᠭᠡᠷ᠃ ᠲᠠᠯ᠎ᠠ ᠨᠤᠲᠤᠭ ᠤᠨ ᠳᠠᠭᠤᠤ ᠶᠢ ᠵᠦᠪᠬᠡᠨ ᠲᠠᠯ᠎ᠠ ᠨᠤᠲᠤᠭ ᠤᠨ ᠢᠷᠭᠡᠳ ᠰᠤᠨᠤᠰᠬᠤ ᠳᠡᠳᠤᠢ ᠦᠬᠡᠢ ᠳᠡᠯᠡᠬᠡᠢ ᠶᠢᠨ ᠳᠠᠶᠢᠰᠠᠨ ᠳᠤ ᠴᠤ ᠬᠠᠩᠬᠢᠨᠠᠭᠤᠯᠤᠨ᠂ ᠨᠡᠩ ᠤᠯᠠᠨ ᠭᠠᠳᠠᠭᠠᠲᠤ ᠶᠢᠨ ᠦᠵᠡᠭᠴᠢᠳ ᠲᠤ ᠲᠠᠯ᠎ᠠ ᠨᠤᠲᠤᠭ ᠤᠨ ᠰᠤᠶᠤᠯ ᠢᠶᠡᠨ ᠤᠶᠢᠯᠠᠭᠠᠭᠤᠯᠵᠤ᠂ ᠥᠪᠦᠷ ᠮᠣᠩᠭ᠋ᠤᠯ ᠢᠶᠡᠨ ᠤᠶᠢᠯᠠᠭᠠᠭᠤᠯᠤᠨ᠎ᠠ᠃ ᠰᠡᠬᠦᠯ ᠤᠨ ᠵᠢᠯ ᠤᠳ ᠲᠤ᠂ ᠥᠪᠦᠷ ᠮᠣᠩᠭ᠋ᠤᠯ ᠤᠷᠢᠳ ᠬᠤᠵᠢᠳ ᠲᠠᠪᠬᠤᠷᠳᠠᠬᠰᠠᠨ ᠲᠤᠭ᠎ᠠ ᠪᠡᠷ 5000 ᠭᠠᠷᠤᠢ ᠬᠦᠮᠦᠨ ᠢᠶᠡᠷ ᠪᠦᠷᠢᠯᠳᠦᠭᠰᠡᠨ 300 ᠭᠠᠷᠤᠢ ᠰᠤᠶᠤᠯ ᠤᠷᠠᠯᠢᠭ ᠤᠨ ᠪᠠᠭ ᠲᠤᠮᠢᠯᠠᠨ 40 ᠭᠠᠷᠤᠢ ᠤᠯᠤᠰ ᠤᠷᠤᠨ ᠳ᠋ᠤ ᠰᠤᠶᠤᠯ ᠰᠣᠯᠢᠯᠴᠠᠭᠠᠨ ᠤ ᠠᠵᠢᠯᠯᠠᠭ᠎ᠠ ᠦᠷᠨᠢᠬᠦᠯᠵᠤ᠂《ᠪᠠᠶᠠᠰᠬᠤᠯᠠᠩᠲᠤ ᠴᠠᠭᠠᠨ ᠰᠠᠷ᠎ᠠ》᠂《ᠦᠵᠡᠰᠭᠦᠯᠡᠩᠲᠤ ᠰᠠᠶᠢᠬᠠᠨ ᠲᠠᠯ᠎ᠠ ᠨᠤᠲᠤᠭ ᠮᠢᠨᠦ ᠨᠤᠳᠤᠭ﹒ᠥᠪᠦᠷ ᠮᠣᠩᠭ᠋ᠤᠯ ᠤᠨ ᠰᠤᠶᠤᠯ ᠤᠨ ᠭᠠᠷᠠᠭ》ᠵᠡᠷᠭᠡ ᠭᠠᠳᠠᠭᠠᠲᠤ ᠳᠤ ᠵᠤᠷᠢᠭᠤᠯᠤᠭᠰᠠᠨ ᠰᠤᠶᠤᠯ ᠰᠣᠯᠢᠯᠴᠠᠭᠠᠨ ᠤ ᠠᠵᠢᠯᠯᠠᠭ᠎ᠠ ᠵᠣᠬᠢᠶᠠᠨ ᠪᠠᠶᠢᠭᠤᠯᠤᠭᠰᠠᠨ ᠪᠠᠶᠢᠨ᠎ᠠ᠃

    ᠰᠤᠶᠤᠯ ᠤᠨ ᠦᠨᠳᠤᠰᠤ ᠪᠠ ᠰᠦᠨᠡᠰᠦ ᠠᠷᠠᠳ ᠤᠨ ᠳᠤᠮᠳᠠ ᠪᠠᠶᠢᠳᠠᠭ᠂ ᠰᠤᠶᠤᠯ ᠤᠨ ᠮᠦᠴᠢᠷ ᠪᠤᠯᠤᠨ ᠨᠠᠮᠠᠭ᠎ᠠ ᠬᠠᠷᠢ ᠬᠦᠷᠦᠨ ᠬᠦᠷᠲᠠᠯ᠎ᠠ ᠤᠷᠭᠤᠵᠦ ᠪᠤᠯᠤᠨ᠎ᠠ᠃ ᠲᠠᠯ᠎ᠠ ᠨᠤᠲᠤᠭ ᠤᠨ ᠰᠤᠶᠤᠯ ᠢᠷᠭᠡᠳ ᠤᠨ ᠳᠤᠮᠳᠠ ᠦᠨᠳᠦᠰᠦᠯᠡᠵᠤ᠂ ᠪᠠᠷᠠᠬᠳᠠᠰᠢ ᠦᠬᠡᠢ ᠰᠤᠶᠤᠯ ᠤᠨ ᠰᠢᠮ᠎ᠠ ᠶᠢ ᠬᠦᠷᠳᠡᠵᠤ᠂ ᠰᠠᠯᠠᠭ᠎ᠠ ᠨᠠᠮᠠᠭ᠎ᠠ ᠰᠠᠬᠤᠯᠢᠭ ᠪᠤᠯᠤᠭᠰᠠᠨ ᠤ ᠰᠡᠭᠦᠯᠡᠷ ᠡᠡᠭ᠍ ᠲᠡᠯᠡᠭᠡᠢ ᠳ᠋ᠦ ᠵᠤᠭ᠎ᠠ ᠴᠡᠡᠭ᠍ᠭᠡᠯ ᠤᠯᠭᠤᠨ᠎ᠠ᠃

    ᠦᠨᠢ ᠤᠳᠠᠭᠠᠨ ᠲᠡᠤᠬᠡ ᠲᠠᠢ ᠪᠦᠭᠡᠳ ᠠᠭᠤᠯᠤᠭᠳᠠᠬᠤᠨ ᠥᠨᠢᠷ ᠪᠠᠶᠠᠯᠢᠭ ᠲᠠᠯ᠎ᠠ ᠨᠤᠲᠤᠭ ᠤᠨ ᠰᠤᠶᠤᠯ ᠲᠡᠯᠡᠭᠡᠢ ᠳᠤ ᠬᠠᠨᠳᠤᠬᠤ ᠶᠠᠪᠤᠴᠠ ᠳᠤ ᠪᠡᠨ ᠲᠠᠰᠤᠷᠠᠯᠲᠠ ᠦᠬᠡᠢ ᠰᠢᠨ᠎ᠠ ᠲᠦᠪᠰᠢᠨ ᠳᠤ ᠬᠦᠷᠴᠤ ᠪᠤᠢ᠃ ᠳᠤᠮᠳᠠᠳᠤ ᠤᠯᠤᠰ ᠪᠤᠯᠤᠨ ᠮᠣᠩ᠋ᠭᠤᠯ ᠤᠯᠤᠰ ᠲᠠᠢ ᠬᠠᠮᠳᠤᠷᠠᠨ ᠮᠡᠳᠡᠭᠦᠯᠦᠭᠰᠡᠨ ᠮᠣᠩᠭ᠋ᠤᠯ ᠦᠨᠳᠤᠰᠤᠲᠠᠨ ᠤ ᠤᠷᠳᠤ ᠶᠢᠨ ᠳᠠᠭᠤᠤ 《ᠬᠦᠮᠦᠨ ᠲᠦᠷᠦᠯᠬᠢᠲᠠᠨ ᠤ ᠪᠠᠶᠡᠲᠤ ᠪᠤᠰᠤ ᠰᠤᠶᠤᠯ ᠤᠨ ᠦᠪ ᠤᠨ ᠲᠦᠯᠦᠭᠡᠯᠡᠭᠴᠢ ᠪᠦᠲᠦᠭᠡᠯ》 ᠳᠤ ᠪᠦᠷᠢᠳᠭᠡᠭ᠍ᠳᠠᠭ᠍ᠰᠡᠨ ᠶᠤᠮ᠂ ᠤᠳᠤᠬᠠᠨ ᠳᠤ ᠳᠤᠮᠳᠠᠳᠤ ᠤᠯᠤᠰ ᠶᠠᠭ ᠤᠷᠤᠰ ᠪᠤᠯᠤᠨ ᠮᠣᠩ᠋ᠭᠤᠯ ᠤᠯᠤᠰ ᠲᠠᠢ ᠬᠠᠮᠳᠤᠷᠠᠨ 《ᠲᠦᠮᠡᠨ ᠭᠠᠵᠠᠷ ᠤᠨ ᠴᠠᠢ ᠶᠢᠨ ᠵᠠᠮ》ᠪᠠ《ᠮᠣᠩ᠌ᠭᠤᠯ ᠠᠨᠠᠭᠠᠬᠤ ᠤᠬᠠᠭᠠᠨ》 ᠢ ᠪᠠᠶᠠᠲᠤ ᠪᠤᠰᠤ ᠰᠤᠶᠤᠯ ᠤᠨ ᠦᠪ ᠢᠶᠡᠷ ᠪᠦᠷᠢᠳᠭᠡᠭᠦᠯᠬᠦ ᠪᠠᠷ ᠡᠷᠭᠦᠳᠡᠯ ᠭᠠᠷᠭᠠᠬᠤ ᠪᠡᠷ ᠲᠦᠯᠦᠪᠯᠡᠵᠤ ᠪᠠᠶᠢᠨ᠎ᠠ᠃

    《ᠨᠢᠬᠡ ᠪᠦᠰᠡ ᠨᠢᠬᠡ ᠵᠠᠮ》ᠬᠠᠮᠳᠤ ᠶᠢᠨ ᠠᠵᠢᠯᠯᠠᠭᠠᠨ ᠤ ᠦᠷᠭᠡᠵᠢᠬᠦ᠂ ᠳᠤᠮᠳᠠᠳᠤ ᠭᠠᠳᠠᠭᠠᠲᠤ ᠶᠢᠨ ᠰᠤᠶᠤᠯ ᠤᠨ ᠰᠣᠯᠢᠯᠴᠠᠭᠠᠨ ᠤ ᠬᠠᠮᠳᠤᠷᠠᠯᠴᠠᠭ᠎ᠠ ᠡᠳᠦᠷ ᠢᠷᠡᠭᠦᠶ᠎ᠠ ᠨᠢᠬᠲᠠᠷᠠᠬᠤ ᠶᠢ ᠳᠠᠭᠠᠯᠳᠤᠨ ᠥᠪᠦᠷ ᠮᠣᠩᠭ᠋ᠤᠯ ᠲᠠᠯ᠎ᠠ ᠨᠤᠲᠤᠭ ᠤᠨ ᠰᠤᠶᠤᠯ ᠢᠶᠡᠨ 《ᠲᠠᠶᠠᠭᠠᠷᠴᠢᠯᠠᠬᠤ》ᠠᠯᠬᠤᠮ ᠢᠶᠡᠨ ᠦᠷᠭᠡᠳᠭᠡᠬᠦ ᠶᠢᠨ ᠬᠠᠮᠲᠤ 《ᠥᠪᠦᠷ ᠮᠣᠩ᠋ᠭᠤᠯ ᠤᠨ ᠥᠪᠡᠷᠲᠡᠬᠡᠨ ᠵᠠᠰᠬᠤ ᠤᠷᠤᠨ ᠤ 〈ᠨᠢᠬᠡ ᠪᠦᠰᠡ ᠨᠢᠬᠡ ᠵᠠᠮ〉ᠰᠤᠶᠤᠯ ᠤᠨ ᠬᠦᠭ᠍ᠵᠢᠯᠲᠠ ᠶᠢᠨ ᠠᠵᠢᠯᠯᠠᠭᠠᠨ ᠤ ᠲᠦᠯᠦᠪᠯᠡᠬᠡ 》ᠲᠤᠬᠲᠠᠭᠠᠵᠤ᠂ 《ᠲᠤᠷᠭᠠᠨ ᠤ ᠵᠠᠮ ᠤᠨ ᠺᠢᠨᠣ᠋ ᠲᠧᠯᠸᠢᠰ ᠤᠨ ᠬᠦᠤᠷ ᠤᠨ ᠢᠨᠵᠧᠨᠧᠷᠢᠩ 》ᠲᠦᠰᠦᠯ᠂ ᠺᠢᠷᠢᠯ ᠮᠣᠩᠭ᠋ᠤᠯ ᠪᠢᠴᠢᠭ᠌᠌ ᠤᠨ ᠬᠡᠪᠯᠡᠯ ᠤᠷᠴᠢᠭᠤᠯᠭ᠎ᠠ ᠶᠢᠨ ᠲᠦᠰᠦᠯ᠂ ᠨᠠᠬᠢᠶ᠎ᠠ ᠳᠤᠮᠳᠠᠳᠤ ᠮᠣᠩᠭ᠋ᠤᠯ ᠤᠨ ᠬᠡᠪᠯᠡᠯ ᠤᠨ ᠰᠣᠯᠢᠯᠴᠠᠭᠠᠨ ᠤ ᠢᠨᠵᠧᠨᠧᠷᠢᠩ ᠵᠡᠷᠭᠡ 《ᠲᠠᠶᠠᠭᠠᠷᠴᠢᠯᠠᠬᠤ》ᠢᠨᠵᠧᠨᠧᠷᠢᠩ ᠤᠨ ᠪᠠᠶᠢᠭᠤᠯᠤᠯᠲᠠ ᠪᠡᠨ ᠲᠦᠷᠭᠡᠳᠬᠡᠨ ᠠᠬᠢᠭᠤᠯᠵᠤ ᠪᠠᠶᠢᠨ᠎ᠠ᠃

    ᠥᠪᠦᠷ ᠮᠣᠩᠭ᠋ᠤᠯ ᠤᠨ ᠰᠤᠶᠤᠯ ᠪᠤᠯ  ᠡᠯ᠎ᠠ ᠴᠥᠬᠡᠨ ᠲᠤᠭᠠᠲᠤ ᠦᠨᠳᠤᠰᠤᠲᠠᠨ ᠤ ᠲᠤᠳᠤᠨᠤ ᠶᠠᠪᠤᠯᠴᠠᠭ᠎ᠠ ᠶᠢᠨ ᠶᠠᠪᠤᠴᠠ ᠳᠤ ᠢᠳᠡᠭᠡᠰᠢᠨ ᠪᠦᠷᠢᠯᠳᠦᠵᠡᠢ᠃ ᠡᠯ᠎ᠠ ᠦᠨᠳᠤᠰᠤᠲᠠᠨ ᠰᠠᠬᠢᠨ ᠲᠡᠮᠨᠡᠯᠴᠡᠵᠤ ᠥᠪᠦᠷ ᠮᠣᠩᠭ᠋ᠤᠯ ᠤᠨ ᠰᠤᠶᠤᠯ  ᠤᠨ ᠴᠡᠴᠡᠭᠯᠡᠯᠲᠠ ᠪᠠᠨ ᠬᠠᠮᠠᠭᠠᠯᠠᠬᠰᠠᠨ ᠢᠶᠡᠷ ᠪᠠᠷᠠᠬᠤ ᠦᠬᠡᠢ ᠥᠪᠦᠷ ᠮᠣᠩᠭ᠋ᠤᠯ ᠤᠨ ᠴᠥᠬᠡᠨ ᠲᠤᠭᠠᠲᠤ ᠦᠨᠳᠤᠰᠤᠲᠠᠨ ᠤ ᠰᠠᠶᠢᠨ ᠰᠠᠶᠢᠬᠠᠨ ᠤᠶᠤᠨ ᠤ ᠬᠡᠷ ᠤᠷᠤᠨ ᠢᠶᠡᠨ ᠴᠤ ᠰᠠᠶᠢᠳᠤᠷ ᠬᠠᠮᠠᠭᠠᠯᠠᠭᠰᠠᠨ ᠶᠤᠮ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121481610