蒙古文网站Logo
ᠰᠢᠨᠬᠤᠸᠠ ᠮᠤᠩᠭ᠋ᠤᠯ ᠨᠧᠲ

ᠮᠠᠨ ᠤ ᠤᠯᠤᠰ ᠤᠨ ᠭᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ ᠶᠢᠨ ᠵᠠᠬ᠎ᠠ ᠵᠡᠭᠡᠯᠢ ᠶᠢᠨ ᠬᠡᠲᠤ ᠭᠦᠭ᠍ᠵᠢᠶᠡᠨᠲᠠᠢ ᠪᠠᠶᠢᠳᠠᠯ ᠨᠡᠮᠳᠡᠪᠡ

2017-08-15 14:56

    ᠰᠢᠨᠬᠤᠸᠠ ᠬᠤᠷᠢᠶ᠎ᠠ   ᠪᠡᠭᠡᠵᠢᠩ ᠤᠨ 8 ᠰᠠᠷ᠎ᠠ ᠶᠢᠨ 14 ᠤ ᠡᠳᠦᠷ ᠤᠨ ᠴᠠᠬᠢᠯᠭᠠᠨ ᠮᠡᠳᠡᠭᠡ ( ᠶᠠᠩ ᠰᠢᠤᠸᠠᠢ ᠵᠢᠶᠠ᠂ ᠴᠸᠨ ᠸᠸᠢ ᠸᠸᠢ) ᠤᠯᠤᠰ ᠤᠨ ᠲᠤᠭ᠎ᠠ ᠪᠦᠷᠢᠳᠭᠡᠯ ᠤᠨ ᠲᠤᠪᠴᠢᠶᠠᠨ ᠤ ᠬᠡᠪᠯᠡᠯ ᠮᠡᠳᠡᠭᠡᠯᠡᠯ ᠤᠨ ᠦᠭᠦᠯᠡᠭᠴᠢ ᠮᠤᠤ ᠱᠸᠩ ᠶᠦᠩ 14 ᠤ ᠡᠳᠦᠷ ᠶᠡᠷᠢᠬᠰᠡᠨ ᠨᠢ᠂ ᠲᠤᠰ ᠤᠳᠠᠭᠠᠨ ᠤ ᠲᠤᠬᠢᠷᠠᠭᠤᠯᠤᠯᠲᠠ ᠪᠡᠷ ᠳᠠᠮᠵᠢᠨ ᠮᠠᠨ ᠤ ᠤᠯᠤᠰ ᠤᠨ ᠭᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ ᠶᠢᠨ ᠵᠠᠬ᠎ᠠ ᠵᠡᠭᠡᠯᠢ ᠶᠢᠨ ᠬᠡᠲᠤ ᠭᠦᠭ᠍ᠵᠢᠶᠡᠨᠲᠠᠢ ᠪᠠᠶᠢᠳᠠᠯ ᠨᠡᠮᠳᠡᠵᠤ ᠶᠡᠷᠦᠩᠬᠡᠢ ᠡᠵᠡᠩᠨᠡᠯᠲᠠ ᠲᠤᠭᠲᠠᠭᠤᠨ ᠪᠠᠶᠢᠨ᠎ᠠ᠃

    ᠮᠤᠤ ᠱᠸᠩ ᠶᠦᠩ ᠲᠤᠬᠠᠢ ᠶᠢᠨ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠬᠡᠪᠯᠡᠯ ᠮᠡᠳᠡᠭᠡᠯᠡᠯ ᠤᠨ ᠠᠯᠪᠠᠨ ᠡᠴᠡ ᠰᠠᠨᠠᠭᠠᠴᠢᠯᠠᠭᠰᠠᠨ ᠬᠡᠪᠯᠡᠯ ᠮᠡᠳᠡᠭᠡᠯᠡᠯ  ᠨᠡᠶᠢᠲᠡᠯᠡᠬᠦ ᠬᠤᠷᠠᠯ ᠳᠤ ᠲᠠᠨᠢᠯᠴᠠᠭᠤᠯᠤᠭᠰᠠᠨ ᠢᠶᠡᠷ᠂ ᠨᠢᠭᠡ ᠬᠤᠶᠠᠳᠤᠭᠠᠷ ᠵᠡᠷᠭᠡᠯᠡᠯ ᠤᠨ ᠬᠤᠲᠠ ᠶᠢᠨ ᠤᠷᠤᠨ ᠰᠠᠭᠤᠴᠠ ᠶᠢᠨ ᠦᠨ᠎ᠠ ᠬᠡᠲᠤ ᠬᠤᠷᠳᠤᠨ ᠦᠰᠬᠦ ᠬᠠᠨᠳᠤᠰᠢ ᠶᠢ ᠬᠢᠵᠠᠭᠠᠷᠯᠠᠭᠰᠠᠨ ᠡᠴᠡ ᠫᠠᠨᠽᠠᠯᠠᠭᠴᠢ᠂ ᠬᠦᠷᠦᠩᠭᠡ ᠤᠷᠤᠭᠤᠯᠤᠯᠲᠠ ᠶᠢᠨ ᠴᠢᠨᠠᠷᠲᠠᠢ ᠤᠷᠤᠨ ᠰᠠᠭᠤᠴᠠ ᠬᠤᠳᠠᠯᠳᠤᠨ ᠠᠪᠬᠤ ᠦᠵᠡᠭᠳᠡᠯ ᠪᠠᠭᠠᠰᠴᠤ᠂ ᠭᠤᠷᠪᠠ ᠳᠦᠷᠪᠡᠳᠦᠭᠡᠷ ᠵᠡᠷᠭᠡᠯᠡᠯ ᠤᠨ ᠬᠤᠳᠠ ᠶᠢᠨ ᠭᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ ᠶᠢᠨ ᠨᠦᠬᠦᠪᠦᠷᠢ ᠰᠠᠭᠤᠴᠠ ᠶᠢ ᠬᠤᠳᠠᠯᠳᠤᠬᠤ ᠠᠵᠢᠯ ᠪᠠᠰᠠ ᠡᠷᠴᠢᠮ ᠲᠠᠢ ᠦᠷᠭᠦᠯᠵᠢᠯᠡᠵᠤ ᠪᠤᠢ᠃ 1 ᠡᠴᠡ 7 ᠰᠠᠷ᠎ᠠ ᠳᠤ᠂ ᠭᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ ᠨᠡᠭᠡᠭᠡᠬᠦ ᠬᠦᠷᠦᠩᠭᠡ ᠤᠷᠤᠭᠤᠯᠤᠯᠲᠠ 7.9% ᠪᠡᠷ ᠨᠡᠮᠡᠭᠳᠡᠵᠤ᠂ ᠨᠡᠮᠡᠭᠳᠡᠯ ᠤᠨ ᠬᠤᠷᠳᠤᠴᠠ ᠨᠢ ᠲᠦᠷᠦᠭᠦᠦ ᠬᠠᠭᠠᠰ ᠰᠠᠷ᠎᠎ᠠ ᠡᠴᠡ ᠪᠠᠭ᠎ᠠ ᠤᠳᠠᠭᠠᠰᠢᠷᠠᠵᠠᠢ᠂ ᠭᠡᠪᠡᠴᠤ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ ᠬᠤᠷᠳᠤᠨ᠃ ᠡᠶᠢᠮᠤ ᠡᠴᠡ ᠭᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ ᠶᠢᠨ ᠵᠠᠬ᠎ᠠ ᠵᠡᠭᠡᠯᠢ ᠡᠷᠭᠢᠯᠲᠠ ᠶᠢᠨ ᠪᠠᠶᠢᠳᠠᠯ ᠲᠠᠢ ᠪᠤᠯᠤᠭᠰᠠᠨ ᠴᠤ ᠶᠡᠷᠦᠩᠬᠡᠢ ᠡᠵᠡᠩᠨᠡᠯᠲᠡ ᠶᠢᠨ ᠪᠠᠶᠢᠳᠠᠯ ᠲᠤᠭᠲᠠᠭᠤᠨ ᠪᠠᠶᠢᠨ᠎ᠠ ᠭᠡᠯ᠎ᠠ᠃

    ᠮᠤᠤ ᠱᠸᠩ ᠶᠦᠩ᠂ ᠲᠦᠷᠦᠭᠦᠦ ᠬᠠᠭᠠᠰ ᠵᠢᠯ᠂ ᠭᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ ᠶᠢᠨ ᠡᠳ᠋ ᠤᠨ ᠵᠠᠰᠠᠭ ᠤᠨ ᠨᠠᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠨᠢ 6.2%᠂ ᠨᠢᠳᠤᠨᠤᠨ ᠤ ᠠᠳᠠᠯᠢ ᠭᠤᠭᠤᠴᠠᠭᠠᠨ ᠳᠤ 8.2% ᠪᠠᠶᠢᠪᠠ᠃ ᠲᠦᠷᠦᠭᠦᠦ ᠬᠠᠭᠠᠰ ᠵᠢᠯ ᠢ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠪᠠᠯ᠂ ᠭᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ ᠶᠢᠨ ᠡᠳ᠋ ᠤᠨ ᠵᠠᠰᠠᠭ ᠤᠨ ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠨᠢ ᠵᠠᠭᠤᠨ ᠤ ᠬᠠᠷᠢᠴᠠᠯ ᠢᠶᠡᠷ 2 ᠢᠶᠡᠷ ᠪᠠᠭᠤᠷᠠᠵᠠᠢ᠂ ᠡᠳ᠋ ᠤᠨ ᠵᠠᠰᠠᠭ ᠤᠨ ᠨᠡᠮᠡᠭᠳᠡᠯ ᠤᠨ ᠬᠤᠷᠳᠤᠴᠠ ᠵᠠᠭᠤᠨ ᠤ ᠬᠠᠷᠢᠴᠠᠯ ᠢᠶᠡᠷ 0.2 ᠢᠶᠡᠷ ᠨᠡᠮᠡᠭᠳᠡᠪᠡ᠃ ᠡᠭᠦᠨ ᠡᠴᠡ ᠭᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ ᠶᠢᠨ ᠵᠠᠬ᠎ᠠ ᠵᠡᠭᠡᠯᠢ ᠶᠢᠨ ᠡᠷᠭᠢᠯᠲᠠ ᠶᠢᠨ ᠪᠠᠶᠢᠳᠠᠯ ᠨᠢ ᠡᠳ᠋ ᠤᠨ ᠵᠠᠰᠠᠭ ᠤᠨ ᠨᠡᠮᠡᠭᠳᠡᠯ ᠤᠨ ᠬᠤᠷᠳᠤᠴᠠ ᠳᠤ ᠤᠨᠴᠠ ᠨᠦᠯᠦᠭᠡ ᠪᠤᠯᠬᠤ ᠦᠭᠡᠢ ᠶᠢ ᠮᠡᠳᠡᠵᠤ ᠪᠤᠯᠤᠨ᠎ᠠ᠃ ᠳᠠᠷᠠᠭᠠᠴᠢ ᠪᠡᠷ ᠡᠯ᠎ᠠ ᠪᠦᠰᠡ ᠨᠤᠲᠤᠭ ᠰᠢᠨ᠎ᠠ ᠠᠷᠭ᠎᠎ᠠ ᠠᠪᠴᠠᠯ ᠠᠪᠴᠤ ᠭᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ ᠶᠢᠨ ᠵᠠᠬ᠎ᠠ ᠵᠡᠭᠡᠯᠢ ᠶᠢᠨ ᠤᠷᠳᠤ ᠤᠳᠠᠭᠠᠨ ᠦᠢᠯᠡᠴᠢᠯᠡᠭᠡᠨ ᠤ ᠲᠤᠭᠲᠠᠯᠴᠠᠭ᠎ᠠ ᠶᠢ ᠪᠠᠶᠢᠭᠤᠯᠬᠤ ᠶᠢ ᠲᠦᠷᠭᠡᠳᠭᠡᠨ᠎ᠠ᠂ ᠭᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ ᠶᠢᠨ ᠵᠠᠬ᠎ᠠ ᠵᠡᠭᠡᠯᠢ ᠨᠡᠩ ᠰᠠᠶᠢᠨ ᠰᠠᠶᠢᠬᠠᠨ ᠬᠦᠭ᠍ᠵᠢᠯᠲᠠ ᠲᠠᠢ ᠪᠤᠯᠬᠤ ᠪᠤᠯᠤᠨ᠎ᠠ ᠭᠡᠯ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121485801