蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠬᠢᠮᠢ ᠪᠤᠯᠤᠨ ᠬᠢᠮᠢ ᠶᠢᠨ ᠠᠵᠤ ᠦᠢᠯᠡᠳᠪᠦᠷᠢ ᠬᠠᠮᠲᠤᠷᠠᠨ ᠰᠢᠨ᠎ᠠ ᠶᠢ ᠡᠭᠦᠳᠬᠦ ᠲᠡᠭᠡᠲᠤ ᠲᠦᠪᠰᠢᠨ ᠤ ᠹᠤᠷᠦ᠋ᠮ ᠤᠯᠠᠭᠠᠨᠴᠠᠪ ᠳᠤ ᠪᠤᠯᠪᠠ

2017-08-15 14:55

    ᠰᠢᠨᠬᠤᠸᠠ ᠨᠸᠲ   ᠤᠯᠠᠭᠠᠨᠴᠠᠪ ᠤᠨ 8 ᠰᠠᠷ᠎ᠠ ᠶᠢᠨ 14 ᠤ ᠡᠳᠦᠷ ᠤᠨ ᠴᠠᠬᠢᠯᠭᠠᠨ ᠮᠡᠳᠡᠭᠡ ( ᠯᠢ ᠭᠦᠸᠸ ᠳ᠋ᠦᠩ) 14 ᠤ ᠡᠳᠦᠷ᠂ ᠦᠪᠦᠷ ᠮᠣᠩᠭᠣᠯ ᠤᠨ ᠬᠢᠮᠢ ᠪᠤᠯᠤᠨ ᠬᠢᠮᠢ ᠶᠢᠨ ᠠᠵᠤ ᠦᠢᠯᠡᠳᠪᠦᠷᠢ ᠬᠠᠮᠲᠤᠷᠠᠨ ᠰᠢᠨ᠎ᠠ ᠶᠢ ᠡᠭᠦᠳᠬᠦ ᠭᠤᠷᠪᠠᠳᠤᠭᠠᠷ ᠬᠤᠭᠤᠴᠠᠭᠠᠨ ᠤ ᠲᠡᠭᠡᠲᠤ ᠲᠦᠪᠰᠢᠨ ᠤ ᠹᠤᠷᠦ᠋ᠮ ᠦᠪᠦᠷ ᠮᠣᠩᠭᠣᠯ ᠤᠨ ᠤᠯᠠᠭᠠᠨᠴᠠᠪ ᠬᠤᠲᠠ ᠶᠢᠨ ᠹᠸᠩᠵᠸᠨ ᠬᠤᠲᠠ ᠳᠤ ᠶᠠᠪᠤᠭᠳᠠᠪᠠ᠃ ᠨᠠᠨᠺᠠᠢ ᠶᠡᠬᠡ ᠰᠤᠷᠭᠠᠭᠤᠯᠢ᠂ ᠲᠢᠶᠠᠨᠵᠢᠨ ᠶᠡᠬᠡ ᠰᠤᠷᠭᠠᠭᠤᠯᠢ᠂ ᠴᠢᠩᠬᠤᠸᠠ ᠶᠡᠬᠡ ᠰᠤᠷᠭᠠᠭᠤᠯᠢ ᠶᠢᠨ ᠱᠸᠨ᠋ᠵᠸᠨ ᠳᠡᠬᠢ ᠰᠤᠳᠤᠯᠭᠠᠨ ᠤ ᠬᠦᠷᠢᠶᠡᠯᠡᠩ᠂ ᠠᠵᠢᠯ ᠲᠦᠷᠦᠯ ᠤᠨ ᠨᠡᠶᠢᠭᠡᠮᠯᠢᠭ᠌ ᠤᠨ ᠲᠤᠰᠬᠠᠢ ᠮᠡᠷᠭᠡᠵᠢᠯᠲᠠᠨ ᠰᠤᠷᠤᠯᠭᠠᠲᠠᠳ ᠪᠤᠯᠤᠨ ᠲᠤᠯᠤᠭᠠᠶᠢᠯᠠᠭᠴᠢ ᠠᠵᠤ ᠠᠬᠤᠶᠢᠯᠠᠯ ᠤᠨ ᠬᠠᠷᠢᠭᠤᠴᠠᠯᠭᠠᠲᠠᠳ ᠬᠤᠷᠠᠯ ᠳᠤ ᠤᠷᠤᠯᠴᠠᠪᠠ᠃

    ᠤᠶᠢᠯᠠᠭᠠᠭᠰᠠᠨ ᠢᠶᠡᠷ᠂ ᠰᠡᠭᠦᠯ ᠤᠨ ᠵᠢᠯ ᠤᠳ ᠲᠤ ᠬᠦᠭ᠍ᠵᠢᠯᠲᠠ ᠶᠢᠨ ᠡᠷᠭᠢᠯᠲᠠ ᠶᠢᠨ ᠡᠳ᠋ ᠤᠨ ᠵᠠᠰᠠᠭ᠂ ᠦᠢᠯᠡᠳᠪᠦᠷᠢᠯᠡᠯ ᠤ ᠬᠡᠪᠴᠢᠶᠠᠵᠢᠯ ᠢ ᠦᠷᠭᠡᠳᠭᠡᠬᠦ᠂ ᠠᠵᠢᠯ ᠲᠦᠷᠦᠯ ᠤᠨ ᠲᠡᠰ ᠲᠠᠪᠬᠤᠷᠭ᠎ᠠ ᠶᠢ ᠨᠠᠮᠠᠭ᠍ᠳᠡᠭᠦᠯᠬᠦ ᠰᠡᠳᠭᠢᠴᠠ ᠶᠢ ᠦᠨᠳᠦᠰᠦᠯᠡᠨ ᠹᠸᠩᠵᠸᠨ ᠬᠤᠲᠠ ᠬᠢᠮᠢ ᠶᠢᠨ ᠦᠢᠯᠡᠪᠦᠷᠢ ᠶᠢᠨ ᠳᠠᠪᠠᠭᠤᠯᠢᠭ ᠠᠵᠤ ᠠᠬᠤᠶᠢᠯᠠᠯ ᠤᠨ ᠬᠡᠯᠪᠡᠷᠢ ᠬᠤᠪᠢᠷᠠᠬᠤ ᠠᠬᠢᠴᠠ ᠶᠢ ᠲᠦᠷᠭᠡᠳᠭᠡᠭ᠍ᠰᠡᠨ ᠢᠶᠡᠷ ᠬᠢᠮᠢ ᠶᠢᠨ ᠦᠢᠯᠡᠳᠪᠦᠷᠢ ᠶᠢᠨ ᠪᠦᠲᠦᠭᠡᠭ᠍ᠲᠡᠭᠦᠨ ᠦᠨᠳᠦᠷ ᠲᠦᠪᠰᠢᠨ ᠳᠤ ᠬᠦᠷᠪᠡ᠃ ᠹᠸᠩᠵᠸᠨ ᠬᠤᠲᠠ ᠶᠢᠨ ᠳᠠᠷᠤᠭ᠎ᠠ ᠸᠠᠩ ᡁᠢ ᠶᠦᠩ ᠢᠯᠡᠷᠬᠡᠶᠢᠯᠡᠭᠰᠡᠨ ᠨᠢ᠂ ᠹᠸᠩᠵᠸᠨ ᠬᠤᠲᠠ ᠤᠳᠤ ᠶᠠᠭ ᠬᠢᠮᠢ ᠪᠤᠯᠥᠨ ᠬᠢᠮᠢ ᠶᠢᠨ ᠠᠵᠤ ᠦᠢᠯᠡᠳᠪᠦᠷᠢ ᠬᠠᠮᠲᠤᠷᠠᠨ ᠰᠢᠨ᠎ᠠ ᠶᠢ ᠡᠭᠦᠳᠬᠦ ᠳᠤ ᠰᠠᠭᠤᠷᠢᠯᠠᠨ ᠠᠵᠤ ᠦᠢᠯᠡᠰ ᠤᠨ ᠬᠡᠯᠪᠡᠷᠢ ᠪᠡᠨ ᠬᠤᠪᠢᠷᠠᠭᠤᠯᠵᠤ ᠳᠡᠰ ᠳᠡᠪᠰᠢᠬᠦ ᠶᠢ ᠠᠬᠢᠭᠤᠯᠵᠤ ᠪᠤᠢ᠃ ᠲᠡᠭᠡᠲᠤ ᠲᠦᠪᠰᠢᠨ ᠤ ᠹᠤᠷᠦ᠋ᠮ ᠵᠤᠬᠢᠶᠠᠨ ᠪᠠᠶᠢᠭᠤᠯᠬᠤ ᠪᠡᠷ ᠳᠠᠮᠵᠢᠨ᠂ ᠬᠢᠮᠢ ᠪᠤᠯᠤᠨ ᠬᠢᠮᠢ ᠶᠢᠨ ᠠᠵᠤ ᠦᠢᠯᠡᠳᠪᠦᠷᠢ ᠬᠠᠮᠲᠤᠷᠠᠨ ᠰᠢᠨ᠎ᠠ ᠶᠢ ᠡᠭᠦᠳᠬᠦ ᠲᠠᠪᠴᠠᠩ ᠢ ᠲᠦᠷᠭᠡᠨ ᠪᠦᠲᠦᠭᠡᠨ ᠪᠠᠶᠢᠭᠤᠯᠵᠤ᠂ ᠡᠬᠢ ᠪᠠᠶᠠᠯᠢᠭ ᠤᠨ ᠳᠠᠪᠠᠭᠤᠯᠢᠭ ᠢ ᠡᠷᠴᠢᠮᠵᠢᠭᠦᠯᠦᠨ᠂ ᠶᠡᠬᠡ ᠲᠡᠭᠡᠲᠤ ᠰᠤᠷᠭᠠᠭᠤᠯᠢ ᠨᠤᠭᠤᠳ ᠵᠢᠴᠢ ᠠᠵᠤ ᠠᠬᠤᠶᠢᠯᠠᠯ ᠤᠨ ᠬᠤᠭᠤᠷᠤᠨᠳᠤᠬᠢ ᠬᠠᠮᠲᠤ ᠶᠢᠨ ᠠᠵᠢᠯᠯᠠᠭᠠᠨ ᠤ ᠬᠦᠭᠦᠷᠭᠡ ᠶᠢ ᠪᠠᠶᠢᠭᠤᠯᠵᠤ᠂ ᠦᠷ᠎ᠠ ᠪᠦᠲᠦᠮᠵᠢ ᠶᠢᠨ ᠠᠵᠤ ᠦᠢᠯᠡᠰ ᠤᠨ ᠦᠢᠯᠡᠴᠢᠯᠡᠭᠡᠨ ᠤ ᠬᠡᠯᠬᠢᠶ᠎ᠠ ᠬᠢᠭᠡᠳ ᠤᠨᠴᠠᠯᠢᠭᠲᠤ ᠰᠢᠨ᠎ᠠ ᠶᠢ ᠡᠭᠦᠳᠬᠦ ᠪᠦᠷᠢᠨ ᠪᠦᠲᠦᠨ ᠲᠤᠭᠲᠠᠯᠴᠠᠭ᠎ᠠ ᠶᠢ ᠪᠤᠢ ᠪᠤᠯᠭᠠᠵᠤ᠂ ᠹᠸᠩᠵᠸᠨ ᠬᠤᠲᠠ ᠶᠢᠨ ᠬᠢᠮᠢ ᠶᠢᠨ ᠠᠵᠤ ᠦᠢᠯᠡᠤᠪᠦᠷᠢ ᠶᠢᠨ ᠮᠡᠷᠭᠡᠵᠢᠯ ᠤᠨ ᠲᠦᠪᠰᠢᠨ ᠢ ᠳᠡᠭᠡᠭ᠍ᠰᠢᠯᠡᠭᠦᠯᠵᠤ᠂ ᠬᠤᠴᠤᠷᠤᠩᠭ᠋ᠤᠢ ᠦᠯᠡᠳᠪᠦᠷᠢᠯᠡᠯ ᠤᠨ ᠴᠢᠳᠠᠪᠬᠢ ᠶᠢ ᠰᠢᠨᠠᠴᠢᠯᠡᠵᠤ᠂ ᠠᠵᠤ ᠦᠢᠯᠡᠰ ᠤᠨ ᠵᠠᠭᠪᠦᠷ ᠶᠢᠡᠨ ᠦᠭᠡᠷᠡᠴᠢᠯᠡᠨ ᠬᠦᠭ᠍ᠵᠢᠭᠦᠯᠬᠦ ᠶᠢ ᠲᠦᠷᠭᠡᠳᠭᠡᠨ᠎ᠠ᠃

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121486472