蒙古文网站Logo
ᠰᠢᠨᠬᠤᠸᠠ ᠮᠤᠩᠭ᠋ᠤᠯ ᠨᠧᠲ

《ᠲᠤᠷᠭᠠᠨ ᠤ ᠵᠠᠮ ᠤᠨ ᠤᠶᠠᠩᠭ᠋᠎ᠠ》 ᠦᠪᠦᠷ ᠮᠤᠩᠭ᠋ᠤᠯ ᠤᠨ ᠤᠯᠠᠨ ᠤᠯᠤᠰ ᠤᠨ ᠨᠠᠶᠢᠷᠠᠯ ᠲᠠᠭᠤᠨ ᠤ ᠨᠠᠭᠠᠲᠤᠮ ᠬᠦᠬᠡᠬᠤᠲᠠ ᠳ᠋ᠤ ᠡᠬᠢᠯᠡᠪᠡ

2017-08-15 17:05

    ᠰᠢᠨᠬᠤᠧᠠ ᠮᠤᠩᠭ᠋ᠤᠯ ᠨᠧᠲ   ᠬᠦᠬᠡᠬᠤᠲᠠ ᠶᠢᠨ 8 ᠰᠠᠷ᠎ᠠ ᠶᠢᠨ 15 ᠤ ᠡᠲᠦᠷ ᠤᠨ ᠴᠠᠬᠢᠯᠭᠠᠨ ᠮᠡᠲᠡᠭᠡ (ᠬ ᠦᠵᠡᠰᠬᠦᠯᠡᠩ ) 15 ᠤ ᠦᠲᠡ ᠶᠢᠨ ᠡᠮᠦᠨ᠎᠎ᠠ ᠬᠤᠷᠠᠯᠲᠤᠭᠰᠠᠨ《ᠲᠤᠷᠭᠠᠨ ᠤ ᠵᠠᠮ ᠤᠨ ᠤᠶᠠᠩᠭ᠋᠎ᠠ》ᠦᠪᠦᠷ ᠮᠤᠩᠭ᠋ᠤᠯ ᠤᠨ ᠤᠯᠠᠨ ᠤᠯᠤᠰ ᠤᠨ ᠨᠠᠶᠢᠷᠠᠯ ᠲᠠᠭᠤᠨ ᠤ ᠨᠠᠭᠠᠲᠤᠮ ᠤᠨ ᠬᠡᠪᠯᠡᠯ ᠮᠡᠲᠡᠭᠡᠯᠡᠯ ᠤᠨ ᠪᠠᠭ᠎ᠠ ᠬᠤᠷᠠᠯ ᠡᠴᠡ ᠤᠶᠢᠯᠠᠭᠠᠭᠰᠠᠨ ᠢᠶᠡᠷ᠂ 《ᠲᠤᠷᠭᠠᠨ ᠤ ᠵᠠᠮ ᠤᠨ ᠤᠶᠠᠩᠭ᠋᠎ᠠ》ᠦᠪᠦᠷ ᠮᠤᠩᠭ᠋ᠤᠯ ᠤᠨ ᠤᠯᠠᠨ ᠤᠯᠤᠰ ᠤᠨ ᠨᠠᠶᠢᠷᠠᠯ ᠲᠠᠭᠤᠨ ᠤ ᠨᠠᠭᠠᠲᠤᠮ 8 ᠰᠠᠷ᠎ᠠ ᠶᠢᠨ 15 ᠤ ᠡᠲᠦᠷ ᠡᠴᠡ ᠡᠬᠢᠯᠡᠨ 20 ᠤ ᠡᠲᠦᠷ ᠪᠤᠯᠲᠠᠯ᠎ᠠ ᠬᠦᠬᠡᠬᠤᠲᠠ ᠳ᠋ᠤ ᠶᠠᠪᠤᠭᠲᠠᠨ᠎ᠠ᠃

    《ᠲᠤᠷᠭᠠᠨ ᠤ ᠵᠠᠮ ᠤᠨ ᠤᠶᠠᠩᠭ᠋᠎ᠠ》ᠦᠪᠦᠷ ᠮᠤᠩᠭ᠋ᠤᠯ ᠤᠨ ᠤᠯᠠᠨ ᠤᠯᠤᠰ ᠤᠨ ᠨᠠᠶᠢᠷᠠᠯ ᠲᠠᠭᠤᠨ ᠤ ᠨᠠᠭᠠᠲᠤᠮ ᠨᠢ ᠠᠷᠪᠠᠨ ᠲᠦᠷᠪᠡᠲᠦᠭᠡᠷ ᠬᠤᠭᠤᠴᠠᠭᠠᠨ ᠤ ᠲᠤᠮᠲᠠᠲᠤ ᠤᠯᠤᠰ ᠦᠪᠦᠷ ᠮᠤᠩᠭ᠋ᠤᠯ ᠤᠨ ᠲᠠᠯ᠎ᠠ ᠨᠤᠲᠤᠭ ᠤᠨ ᠰᠤᠶᠤᠯ ᠤᠨ ᠨᠠᠶᠢᠷ ᠤᠨ ᠠᠭᠤᠯᠭ᠎᠎ᠠ ᠪᠤᠯᠬᠤ ᠪᠡᠷ ᠪᠠᠷᠠᠬᠤ ᠦᠭᠡᠢ ᠦᠪᠦᠷ ᠮᠤᠩᠭ᠋ᠤᠯ ᠳ᠋ᠤ ᠠᠩᠬ᠎ᠠ ᠤᠲᠠᠭ᠎ᠠ ᠵᠤᠬᠢᠶᠠᠨ ᠪᠠᠶᠢᠭᠤᠯᠤᠭᠲᠠᠵᠤ ᠪᠦᠬᠦᠢ ᠤᠯᠠᠨ ᠤᠯᠤᠰ ᠤᠨ ᠨᠠᠶᠢᠷᠠᠯ ᠲᠠᠭᠤᠨ ᠤ ᠠᠵᠢᠯᠯᠠᠭ᠎ᠠ ᠪᠤᠯᠬᠤ ᠶᠤᠮ᠃ ᠠᠵᠢᠯᠯᠠᠭᠠᠨ ᠤ ᠦᠶ᠎ᠠ ᠪᠡᠷ ᠤᠯᠤᠰ ᠤᠨ ᠲᠤᠲᠤᠭᠠᠲᠤ ᠭᠠᠲᠠᠭᠠᠲᠤ ᠶᠢᠨ 9 ᠨᠠᠶᠢᠷᠠᠯ ᠲᠠᠭᠤᠨ ᠤ ᠪᠠᠭ ᠦᠪᠦᠷ ᠮᠤᠩᠭ᠋ᠤᠯ ᠤᠨ ᠦᠨᠳᠦᠰᠦᠲᠡᠨ ᠤ ᠤᠷᠠᠯᠢᠭ ᠵᠦᠴᠦᠬᠡ ᠶᠢᠨ ᠬᠦᠷᠢᠶᠡᠯᠡᠩ ᠤᠨ ᠮᠤᠩᠭ᠋ᠤᠯ ᠵᠠᠯᠠᠭᠤᠴᠤᠳ ᠤᠨ ᠨᠠᠶᠢᠷᠠᠯ ᠲᠠᠭᠤᠨ ᠤ ᠪᠠᠭ ᠲᠠᠢ ᠬᠠᠮᠲᠤ ᠲᠤᠭᠯᠠᠯᠲᠠ ᠭᠠᠷᠭᠠᠬᠤ ᠪᠡᠷ ᠪᠠᠷᠠᠬᠤ ᠦᠭᠡᠢ ᠨᠠᠶᠢᠷᠠᠯ ᠲᠠᠭᠤᠨ ᠤ ᠤᠨᠤᠯᠴᠢ᠂ ᠠᠶᠠᠯᠭᠤ ᠵᠤᠬᠢᠴᠠᠭᠤᠯᠤᠭᠴᠢ᠂ ᠲᠠᠭᠤᠴᠢᠳ ᠡᠴᠡ ᠨᠠᠶᠢᠷᠠᠯ ᠲᠠᠭᠤᠨ ᠤ ᠲᠤᠭᠤᠷᠢᠨ ᠳ᠋ᠤ ᠢᠯᠡᠳᠭᠡᠯ ᠪᠤᠶᠤ ᠡᠷᠲᠡᠮ ᠰᠢᠨᠵᠢᠯᠡᠭᠡᠨ ᠤ ᠬᠤᠷᠠᠯ ᠬᠢᠬᠦ ᠪᠤᠯᠤᠨ᠎ᠠ᠃

    《ᠲᠤᠷᠭᠠᠨ ᠤ ᠵᠠᠮ ᠤᠨ ᠤᠶᠠᠩᠭ᠋᠎ᠠ》ᠦᠪᠦᠷ ᠮᠤᠩᠭ᠋ᠤᠯ ᠤᠨ ᠤᠯᠠᠨ ᠤᠯᠤᠰ ᠤᠨ ᠨᠠᠶᠢᠷᠠᠯ ᠲᠠᠭᠤᠨ ᠤ ᠨᠠᠭᠠᠲᠤᠮ ᠢ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠤᠶᠤᠯ ᠤᠨ ᠲᠢᠩᠬᠢᠮ᠂ ᠤᠯᠠᠨ ᠤᠯᠤᠰ ᠤᠨ ᠨᠠᠶᠢᠷᠠᠯ ᠲᠠᠭᠤᠨ ᠤ ᠬᠤᠯᠪᠤᠭᠠᠨ ᠡᠴᠡ ᠰᠠᠨᠠᠭᠠᠴᠢᠯᠠᠵᠤ᠂ ᠦᠪᠦᠷ ᠮᠤᠩᠭ᠋ᠤᠯ ᠤᠨ ᠦᠨᠳᠦᠰᠦᠲᠡᠨ ᠤ ᠤᠷᠠᠯᠢᠭ ᠵᠦᠴᠦᠬᠡ ᠶᠢᠨ ᠬᠦᠷᠢᠶᠡᠯᠡᠩ ᠡᠴᠡ ᠵᠤᠬᠢᠶᠠᠨ ᠪᠠᠶᠢᠭᠤᠯᠪᠠ᠃

ᠢᠷᠡᠯᠳᠡ᠄ ᠰᠢᠨᠬᠤᠧᠠ ᠮᠤᠩᠭ᠋ᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121487420