蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ ᠪᠠᠶᠠᠨᠨᠠᠭᠤᠷ ᠬᠤᠳᠠ ᠳ᠋ᠤ ᠮᠤᠩᠭᠤᠯ ᠤᠯᠤᠰ ‍ᠤᠨ ᠲᠠᠸᠠᠷ ‍ᠤᠨ ᠦᠵᠡᠰᠭᠦᠯᠡᠩ ᠪᠤᠯᠪᠠ

2017-08-15 16:56

    2017 ᠤᠨ ᠤ ᠲᠤᠷᠭᠠᠨ ᠤ ᠵᠠᠮ ‍ᠤᠨ ᠡᠳ᠋ ᠤᠨ ᠵᠠᠰᠠᠭ ᠤᠨ ᠪᠦᠰᠡ ᠵᠢᠨ ᠮᠤᠩᠭᠤᠯ ᠤᠯᠤᠰ ‍ᠤᠨ ᠪᠠᠷᠠᠭ᠎ᠠ ᠲᠠᠸᠠᠷ ‍ᠤᠨ ᠦᠵᠡᠰᠭᠦᠯᠡᠩ 8 ᠰᠠᠷ᠎ᠠ ᠵᠢᠨ 11 ᠤ ᠡᠳᠦᠷ ᠡᠴᠠ 15 ᠤ᠋ ᠡᠳᠦᠷ ᠬᠦᠷᠳᠡᠯ᠎ᠡ ᠦᠪᠦᠷ ᠮᠤᠩᠭᠤᠯ ‍ᠤᠨ ᠪᠠᠶᠠᠨᠨᠠᠭᠤᠷ ᠬᠤᠲᠠ ᠵᠢᠨ ᠳᠦᠪ ᠯᠢᠨ ᠡᠾᠧ ᠳ᠋ᠤ ᠠᠮᠵᠢᠯᠳᠠ ᠳᠡᠢ ᠶᠠᠪᠤᠭᠳᠠᠭᠰᠠᠨ ᠪᠠᠶᠢᠨ᠎ᠠ᠃

    ᠳᠤᠮᠳᠠᠳᠤ᠂ ᠮᠤᠩᠭᠤᠯ ᠬᠤᠶᠠᠷ ᠤᠷᠤᠨ ᠪᠤᠯ ᠰᠠᠶᠢᠨ ᠬᠦᠷᠰᠢ ᠪᠥᠭᠡᠳ ᠰᠠᠶᠢᠨ ᠳᠦᠩᠰᠢ ᠶᠤᠮ᠃ ᠤᠳᠤᠬᠠᠨ ᠳᠤ ᠳᠤᠮᠳᠠᠳᠤ᠂ ᠮᠤᠩᠭᠤᠯ ‍ᠤᠨ ᠨᠦᠬᠦᠷᠰᠡᠭ ᠬᠠᠷᠢᠯᠴᠠᠭ᠎ᠠ ᠳᠡᠦᠬᠡ ᠵᠢᠨ ᠬᠠᠮᠤᠭ ᠰᠠᠶᠢᠨ ᠱᠠᠳᠤ ᠦᠶ᠎ᠡ ᠳ᠋ᠤ ᠤᠷᠤᠭᠰᠠᠨ ᠪᠠᠶᠢᠨ᠎ᠠ᠃ ᠤᠷᠳᠤ ᠤᠳᠠᠭᠠᠨ ᠬᠤᠭᠤᠴᠠᠭᠠᠨ ‍ᠤ ᠨᠦᠬᠦᠷᠰᠡᠭ ᠬᠠᠷᠢᠯᠴᠠᠭᠠᠨ ᠤ ᠳᠤᠮᠳᠠ ᠳᠤᠮᠳᠠᠳᠤ᠂ ᠮᠤᠩᠭᠤᠯ ᠬᠤᠶᠠᠷ ᠤᠷᠤᠨ ᠨᠢ ᠤᠯᠤᠰ ᠳᠦᠷᠤ᠂ ᠡᠳ᠋ ᠤᠨ ᠵᠠᠰᠠᠭ᠂ ᠰᠤᠶᠤᠯ ‍ᠤᠨ ᠬᠠᠷᠢᠯᠴᠠᠭᠠᠨ ᠤ ᠳᠠᠯ᠎ᠠ ᠪᠠᠷ ᠴᠦᠮ ᠬᠠᠷᠢᠯᠴᠠᠨ ᠢᠳᠡᠭᠡᠯᠴᠡᠭᠰᠠᠨ ᠪᠠᠶᠢᠯᠳᠤᠬᠤ ᠪᠤᠳᠤᠯᠭ᠎ᠠ ᠵᠢᠨ ᠳᠦᠩᠰᠢ ᠪᠤᠯᠵᠤ ᠬᠦᠭᠵᠢᠨ᠂ ᠳᠤᠮᠳᠠᠳᠤ ᠤᠯᠤᠰ ᠨᠢ ᠮᠤᠩᠭᠤᠯ ᠤᠯᠤᠰ ‍ᠤᠨ ᠬᠠᠮᠤᠭ ‍ᠤᠨ ᠶᠡᠬᠡ ᠠᠷᠠᠯᠵᠢᠶ᠎ᠠ ᠬᠤᠳᠠᠯᠳᠤᠭᠠᠨ ‍ᠤ ᠳᠦᠩᠰᠢ ᠪᠦᠬᠡᠳ ᠬᠠᠮᠤᠭ ‍ᠤᠨ ᠶᠡᠬᠡ ᠬᠦᠷᠦᠩᠬᠡ ᠣᠷᠣᠭᠤᠯᠬᠤ ᠤᠯᠤᠰ ᠪᠤᠯᠤᠭᠰᠠᠭᠠᠷ ᠢᠷᠡᠭᠰᠠᠨ ᠪᠠᠶᠢᠨ᠎ᠠ᠃

    ᠡᠨᠡ ᠤᠳᠠᠭ᠎ᠠ ᠪᠠᠶᠠᠨᠨᠠᠭᠤᠷ ᠬᠤᠳᠠ ᠨᠢ ᠬᠤᠶᠠᠷ ᠳᠠᠯ᠎ᠠ ᠵᠢᠨ ᠬᠤᠭᠤᠷᠤᠨᠳᠤᠬᠢ ᠡᠳ᠋ ᠤᠨ ᠵᠠᠰᠠᠭ ᠬᠤᠳᠠᠯᠳᠤᠭᠠᠨ ᠤ ᠬᠠᠷᠢᠯᠴᠠᠭ᠎ᠠ ᠪᠡᠨ ᠤᠯᠡᠮ ᠦᠷᠭᠡᠳᠭᠡᠵᠤ᠂ 《ᠲᠠᠯ᠎ᠠ ᠨᠤᠲᠤᠭ ‍ᠤᠨ ᠲᠤᠷᠭᠠᠨ ᠤ ᠵᠠᠮ ‍ᠢ ᠬᠠᠮᠳᠤᠪᠠᠷ ᠴᠤᠭᠴᠠᠯᠠᠨ ᠪᠠᠶᠢᠭᠤᠯᠬᠤ》ᠠᠰᠢᠬᠳᠡᠢ ᠳᠤᠬᠢᠶᠠᠯ ‍ᠢ ᠠᠮᠵᠢᠨ᠂ ᠬᠤᠶᠠᠷ ᠤᠷᠤᠨ ᠤ ᠬᠤᠭᠤᠷᠤᠨᠳᠤᠬᠢ ᠨᠦᠬᠦᠷᠰᠡᠭ ᠬᠠᠷᠢᠯᠴᠠᠭ᠎ᠠ ᠪᠠᠨ ᠴᠢᠨᠠᠭᠰᠢᠳᠠ ᠪᠠᠳᠤᠳᠬᠠᠵᠤ᠂ ᠬᠤᠶᠢᠰᠢᠳᠠ ᠵᠢᠨ ᠡᠳ᠋ ᠤᠨ ᠵᠠᠰᠠᠭ᠂ ᠰᠤᠶᠤᠯ ‍ᠤᠨ ᠬᠠᠷᠢᠯᠴᠠᠭ᠎ᠠ ᠬᠠᠮᠳᠤ ᠶᠢᠨ ᠠᠵᠢᠯᠯᠠᠭ᠎ᠠ ᠪᠡᠨ ᠴᠢᠩᠭᠠᠳᠬᠠᠨ᠂ ᠳᠤᠮᠳᠠᠳᠤ ᠮᠤᠩᠭᠤᠯ ‍ᠤᠨ ᠳᠠᠸᠡᠷ ‍ᠤᠨ ᠰᠤᠯᠢᠯᠴᠠᠭᠠᠨ ‍ᠤ ᠬᠦᠭᠵᠢᠯᠳᠠ ᠵᠢ ᠤᠯᠡᠮ ᠠᠬᠢᠭᠤᠯᠬᠤ ᠡᠭᠦᠳᠡᠨ ᠡᠴᠠ ᠳᠤᠰ ᠤᠳᠠᠭᠠᠨ ‍ᠤ ᠲᠠᠸᠠᠷ ‍ᠤᠨ ᠦᠵᠡᠰᠭᠦᠯᠡᠩ ‍ᠢ ᠡᠷᠬᠢᠯᠡᠭᠰᠠᠨ ᠪᠠᠶᠢᠨ᠎ᠠ᠃ ᠢᠯᠠᠩᠭᠤᠶ᠎ᠠ《ᠲᠠᠯ᠎ᠠ ᠨᠤᠲᠤᠭ ‍ᠤᠨ ᠲᠤᠷᠭᠠᠨ ᠤ ᠵᠠᠮ ‍ᠢ ᠬᠠᠮᠳᠤᠪᠠᠷ ᠴᠤᠭᠴᠠᠯᠠᠨ ᠪᠠᠶᠢᠭᠤᠯᠬᠤ》ᠳᠤᠬᠠᠢ ᠳᠡᠯᠡᠬᠡᠢ ᠨᠠᠶᠢᠳᠠ ᠵᠢᠨ ᠴᠢᠨᠡᠷᠳᠡᠢ ᠳᠠᠸᠡᠷ ‍ᠤᠨ ᠰᠤᠯᠢᠯᠴᠠᠭ᠎ᠠ ᠪᠠ ᠰᠤᠶᠤᠯ ‍ᠤᠨ ᠬᠠᠷᠢᠯᠴᠠᠭ᠎ᠠ ᠵᠢ ᠦᠷᠭᠡᠨ ᠵᠶ᠋ᠠᠷ ᠦᠷᠨᠢᠭᠦᠯᠵᠤ᠂ ᠬᠠᠮᠳᠤᠪᠡᠷ ᠬᠦᠭᠵᠢᠬᠦ ᠨᠢ《ᠡᠸᠦ᠋ᠷᠦᠫᠠ ᠠᠽᠢᠶ᠎ᠠ ᠵᠢᠨ ᠬᠠᠮᠳᠤᠷᠠᠭᠰᠠᠨ ᠴᠤᠭᠴᠠ ᠳᠡᠢ ᠬᠤᠯᠪᠤᠭᠠᠯᠠᠨ ᠳᠤᠮᠳᠠᠳᠤ ᠮᠤᠩᠭᠤᠯ ᠤᠷᠤᠰ ‍ᠤᠨ ᠡᠳ᠋ ᠤᠨ ᠵᠠᠰᠠᠭ ᠤᠨ ᠪᠦᠰᠡ ᠳᠤ ᠤᠶᠠᠯᠳᠤᠨ ᠨᠢᠭᠡᠳᠬᠦ》ᠳ᠋ᠤ ᠴᠢᠬᠤᠯᠠ ᠬᠤᠪᠢ ᠨᠡᠮᠡᠷᠢ ᠦᠵᠡᠭᠦᠯᠵᠤ ᠪᠠᠶᠢᠭ᠎ᠠ ᠶᠠᠪᠤᠳᠠᠯ ᠪᠤᠯᠬᠤ ᠳᠡᠳᠦᠢ ᠦᠬᠡᠢ ᠮᠤᠩᠭᠤᠯ ᠦᠨᠳᠦᠰᠦᠳᠡᠨ ‍ᠤ ᠦᠪᠡᠷᠮᠢᠴᠡ ᠰᠤᠶᠤᠯ ᠢᠶᠡᠨ ᠤᠯᠡᠮᠵᠢᠯᠡᠨ ᠬᠦᠭᠵᠢᠭᠦᠯᠬᠦ ᠪᠠ ᠬᠤᠶᠠᠷ ᠤᠷᠤᠨ ᠤ ᠬᠤᠭᠤᠷᠤᠨᠳᠤᠬᠢ ᠨᠦᠬᠦᠷᠰᠡᠭ ᠬᠠᠷᠢᠯᠴᠠᠭ᠎ᠠ ᠶᠢ ᠤᠯᠡᠮ ᠳᠡᠯᠡᠵᠤ ᠡᠳ᠋ ᠤᠨ ᠵᠠᠰᠠᠭ᠂ ᠰᠤᠶᠤᠯ ‍ᠤᠨ ᠬᠠᠷᠢᠯᠴᠠᠭ᠎ᠠ ᠶᠢ ᠴᠢᠨᠠᠭᠰᠢᠳᠠ ᠠᠬᠢᠭᠤᠯᠬᠤ ᠪᠦᠳᠦᠮᠵᠢᠳᠡᠢ ᠠᠷᠭ᠎ᠠ ᠬᠡᠮᠵᠢᠶ᠎ᠡ ᠪᠤᠯᠤᠨ᠎ᠠ᠃ ᠡᠨᠡ ᠨᠢ ᠮᠦᠨ ᠴᠤ ᠮᠤᠩᠭᠤᠯ ᠤᠯᠤᠰ ‍ᠤᠨ ᠪᠠᠷᠠᠭ᠎ᠠ ᠳᠠᠸᠡᠷ ‍ᠤᠨ ᠪᠤᠷᠤᠯᠠᠭᠤᠯᠭ᠎ᠠ ᠵᠢ ᠴᠢᠨᠠᠭᠰᠢᠳᠠ ᠦᠷᠭᠡᠳᠭᠡᠵᠤ᠂ ᠦᠨᠳᠦᠰᠦᠳᠡᠨ ‍ᠤ ᠤᠨᠴᠠᠯᠢᠭ ᠳᠡᠢ ᠪᠠᠷᠠᠭ᠎ᠠ ᠳᠠᠸᠡᠷ ᠡᠳ᠋ᠯᠡᠯ ᠬᠡᠷᠡᠭᠰᠡᠯ ‍ᠢ ᠤᠯᠠᠨ ᠨᠠᠶᠢᠳᠠ ᠳ᠋ᠤ ᠤᠬᠠᠭᠤᠯᠬᠤ ᠨᠢᠭᠡᠨ ᠤᠳᠠᠭᠠᠨ ‍ᠤ ᠮᠠᠰᠢ ᠰᠠᠶᠢᠨ ᠵᠠᠪᠰᠢᠶᠠᠨ ᠪᠤᠯᠤᠭᠰᠠᠨ ᠪᠠᠶᠢᠨ᠎ᠠ᠃

    ᠡᠨᠡ ᠤᠳᠠᠭ᠎ᠠ ᠮᠤᠩᠭᠤᠯ ᠤᠯᠤᠰ ‍ᠤᠨ 30 ᠭᠠᠷᠤᠢ ᠠᠵᠤ ᠠᠬᠤᠶᠢᠯᠠᠯ ‍ᠤᠨ ᠨᠠᠶᠢᠳᠠ 100 ᠭᠠᠷᠤᠢ ᠵᠦᠢᠯ ‍ᠤᠨ ᠪᠠᠷᠠᠭ᠎ᠠ ᠳᠠᠸᠡᠷ ᠳᠡᠯᠭᠡᠨ ᠪᠤᠷᠤᠯᠠᠭᠤᠯᠭ᠎ᠠ ᠳ᠋ᠤ ᠤᠷᠤᠯᠴᠠᠵᠤ᠂ ᠵᠠᠰᠠᠯ ᠴᠢᠮᠡᠭᠯᠡᠯ ‍ᠤᠨ ᠵᠦᠢᠯᠡᠰ᠂ ᠬᠡᠪᠢᠰ᠂ ᠠᠯᠲᠠ ᠮᠦᠩᠭᠦᠨ ᠡᠳ᠋ᠯᠡᠯ᠂ ᠴᠠᠭᠠᠨ ᠢᠳᠡᠭᠡ᠂ ᠨᠤᠤᠰᠤ ᠨᠤᠯᠤᠤᠷ ‍ᠤᠨ ᠪᠦᠳᠦᠭᠳᠡᠭᠦᠨ᠂ ᠠᠷᠠᠰᠤ ᠰᠢᠷᠢ ᠶᠢᠨ ᠪᠦᠲᠦᠭᠡᠭᠳᠡᠭᠦᠨ᠂ ᠤᠨᠴᠠᠯᠢᠭᠲᠤ ᠢᠳᠡᠭᠡᠨ ᠤᠮᠳᠠᠭᠠᠨ ᠤ ᠵᠦᠢᠯ ᠵᠶ᠋ᠠᠷ ᠭᠤᠤᠯᠯᠠᠨ᠂ ᠬᠤᠳᠠ ᠵᠢᠨ ᠢᠷᠬᠡᠳ ‍ᠤᠨ ᠬᠠᠯᠠᠭᠤᠨ ᠳᠠᠭᠠᠰᠢᠶᠠᠯ ‍ᠢ ᠬᠦᠷᠳᠡᠵᠤ᠂ ᠮᠠᠰᠢ ᠤᠯᠠᠨ ᠬᠤᠳᠠᠯᠳᠤᠨ ᠠᠪᠤᠭᠴᠢᠳ ‍ᠢ ᠳᠠᠳᠠᠨ ᠠᠪᠴᠢᠷᠠᠭᠰᠠᠨ ᠪᠠᠶᠢᠨ᠎ᠠ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121487480